ᠹᠦ᠋ ᠸᠠᠨ ᠬᠤᠢ ᠲᠠᠶᠢᠹᠦᠰᠧ ᠬᠤᠰᠢᠭᠤ ᠲᠤᠯᠤᠨ ᠨᠤᠤᠷ ᠰᠢᠶᠠᠨ ᠪᠤᠯᠤᠨ ᠰᠢᠯᠤᠭᠤᠨ ᠬᠦᠭᠡ ᠬᠤᠰᠢᠭᠤ ᠪᠠᠷ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2017/3/9
    3 ᠳ᠋ᠤᠭᠠᠷ ᠰᠠᠷ᠎ᠡ ᠶᠢᠨ 4 ᠠᠴᠠ 6 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠹᠦ᠋ ᠸᠠᠨ ᠬᠤᠢ ᠲᠠᠶᠢᠹᠦᠰᠧ ᠬᠤᠰᠢᠭᠤ᠂ ᠳᠤᠯᠤᠨ ᠨᠤᠤᠷ ᠰᠢᠶᠠᠨ᠂ ᠰᠢᠯᠤᠭᠤᠨ ᠬᠦᠬᠡ ᠬᠤᠰᠢᠭᠤ ᠪᠠᠷ ᠬᠦᠨᠵᠡᠭᠡᠶᠢᠷᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠤᠳ ᠢ ᠰᠤᠳᠤᠯᠤᠨ ᠪᠠᠶᠢᠷᠢᠯᠠᠭᠤᠯᠵᠦ᠂ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠲᠦᠷᠦᠯ ᠵᠦᠢᠯ ᠢ ᠨᠢᠭᠡᠳᠦᠯᠲᠡᠢ ᠠᠵᠢᠯ ᠡᠬᠢᠯᠡᠬᠦᠯᠬᠦ ᠪᠤᠯᠤᠨ ᠠᠮᠤᠷ ᠲᠦᠪᠰᠢᠨ ᠠᠮᠤᠷ ᠲᠤᠭᠳᠠᠭᠤᠨ ᠤ ᠠᠵᠢᠯ ᠢ ᠱᠠᠯᠠᠪᠲᠠᠭᠤᠯᠤᠨ ᠵᠢᠯᠤᠭᠤᠳᠪᠠ᠃       ᠹᠦ᠋ ᠸᠠᠨ ᠬᠤᠢ ᠲᠠᠶᠢᠹᠦᠰᠧ ᠬᠤᠰᠢᠭᠤᠨ ᠤ ᠰᠠᠨ ᠬᠤᠤ ᠳ᠋ᠢ ᠶᠢᠨ ᠲᠦᠷᠭᠡᠨ ᠤ ᠵᠠᠮ ᠤᠨ ᠪᠠᠶᠢᠴᠠᠭᠠᠬᠤ ᠦᠷᠲᠡᠭᠡᠨ ᠳᠤ ᠬᠦᠷᠴᠦ ᠪᠠᠶᠢᠳᠠᠯ ᠢ ᠤᠢᠢᠯᠠᠭᠠᠵᠦ᠂ ᠨᠢᠭᠡᠳᠤᠭᠡᠷ ᠹᠷᠤᠨᠲ ᠲᠤ ᠠᠵᠢᠯᠯᠠᠵᠦ ᠪᠠᠶᠢᠭ᠎ᠠ ᠲᠤᠳᠤᠭᠠᠲᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ ᠶᠢ ᠡᠷᠬᠢᠨ ᠦᠵᠡᠵᠦ ᠲᠤᠭᠤᠨᠢᠭᠤᠯᠪᠠ᠃ ᠹᠦ᠋ ᠸᠠᠨ ᠬᠤᠢ ᠱᠠᠭᠠᠷᠳᠠᠭᠰᠠᠨ ᠨᠢ᠂ ᠤᠳᠤᠬᠠᠨ ᠤ ᠪᠦᠬᠦ ᠤᠯᠤᠰ ᠤᠨ ︽ᠬᠤᠶᠠᠷ ᠬᠤᠷᠠᠯ︾ ᠶᠠᠪᠤᠭᠳᠠᠵᠦ ᠪᠠᠶᠢᠭ᠎ᠠ ᠬᠤᠭᠤᠴᠠᠭᠠᠨ ᠳᠤ ᠠᠮᠤᠷ ᠲᠦᠪᠰᠢᠨ ᠠᠮᠤᠷ ᠲᠤᠭᠳᠠᠭᠤᠨ ᠢ ᠪᠠᠳᠤᠯᠠᠬᠤ ᠠᠵᠢᠯ ᠢ ᠴᠢᠩᠭ᠎ᠠ ᠠᠳᠬᠤᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠪᠡ ᠨᠡᠶᠢᠭᠡᠮ ᠤᠨ ᠠᠮᠤᠷ ᠲᠤᠭᠳᠠᠭᠤᠨ ᠢ ᠪᠠᠳᠤᠯᠠᠬᠤ ᠬᠡᠷᠡᠭᠲᠡᠢ ᠬᠡᠪᠡ᠃       ᠲᠠᠶᠢᠹᠥᠰᠧ ᠬᠤᠰᠢᠭᠤᠨ ᠤ ᠪᠤᠤᠴᠠᠩ ᠪᠠᠯᠭᠠᠰᠤ ᠶᠢᠨ ᠬᠤᠸᠠᠩ ᠲᠤ ᠺᠧᠩ ᠲᠤᠰᠬᠤᠨ ᠳᠤ᠂ ᠹᠦ᠋ ᠸᠠᠨ ᠬᠤᠢ ᠦᠭᠡᠷ ᠮᠠᠯᠵᠢᠭᠰᠠᠨ ᠲᠤᠮᠤ ᠡᠷᠦᠭᠡ ᠵᠠᠩ ᠶᠢᠨ ᠬᠠᠢ ᠶᠢᠨ ᠲᠤᠯᠤᠭᠠᠢᠢᠯᠠᠨ ᠵᠤᠬᠢᠶᠠᠨ ᠪᠠᠶᠢᠭᠤᠯᠤᠭᠰᠠᠨ ᠮᠢᠬᠠᠨ ᠤ ᠦᠬᠡᠷ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠶᠠᠳᠠᠭᠤ ᠬᠦᠴᠢᠷᠲᠡᠯᠲᠡᠢ ᠡᠷᠦᠬᠡ ᠶᠢ ᠪᠠᠭᠳᠠᠭᠠᠨ ᠬᠤᠪᠢ ᠤᠷᠤᠭᠤᠯᠬᠤ ᠬᠡᠯᠪᠡᠷᠢ ᠪᠠᠷ ᠰᠢᠯᠢᠳᠡᠭ ᠡᠭᠦᠯᠲᠡᠷ ᠤᠨ ᠮᠢᠬᠠᠨ ᠤ ᠦᠬᠡᠷ ᠮᠠᠯᠵᠢᠭᠰᠠᠨ ᠠᠵᠢᠯ ᠢ ᠨᠤᠳᠠᠯᠠᠵᠠᠢ᠃ ᠲᠡᠷᠡ ᠵᠢᠭᠠᠬᠤ ᠳᠠᠭᠠᠨ᠂ ᠠᠵᠦ ᠦᠢᠯᠡᠰ ᠢᠶᠠᠷ ᠲᠠᠶᠢᠴᠢᠯᠠᠬᠤ ᠪᠠ ᠶᠠᠳᠠᠭᠤ ᠶᠢ ᠲᠡᠳᠭᠦᠭᠦ ᠠᠵᠢᠯ ᠢ ᠤᠶᠠᠯᠳᠤᠭᠤᠯᠵᠦ᠂ ᠬᠤᠷᠰᠢᠶᠠᠵᠢᠯ ᠪᠠ ᠴᠢᠳᠠᠪᠤᠷᠢᠲᠠᠨ ᠤ ᠵᠢᠱᠢᠶ᠎ᠡ ᠦᠵᠡᠬᠦᠯᠬᠦ ᠦᠢᠯᠡᠳᠦᠯ ᠢ ᠪᠠᠳᠠᠷᠠᠭᠤᠯᠵᠦ᠂ ᠡᠷᠦᠬᠡ ᠬᠤᠯᠪᠤᠭᠠᠯᠠᠨ ᠡᠵᠡᠩᠨᠡᠬᠦ᠂ ᠡᠵᠡᠩᠨᠡᠯᠲᠡ ᠪᠡ ᠪᠡᠯᠡ ᠮᠥᠩᠬᠦ ᠶᠢ ᠨᠠᠶᠢᠲᠠᠨ ᠬᠠᠮᠢᠶᠠᠷᠤᠭᠤᠯᠬᠤ᠂ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠭᠦ ᠡᠷᠭᠡ ᠪᠠᠷ ᠬᠤᠪᠢ ᠤᠷᠤᠬᠤ ᠵᠡᠷᠭᠡ ᠬᠡᠯᠪᠡᠷᠢ ᠪᠠᠷ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠵᠤᠬᠢᠶᠠᠠ ᠪᠠᠶᠢᠭᠤᠯᠤᠯᠲᠠ ᠲᠠᠢ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠪᠤᠯᠤᠨ ᠰᠢᠨᠵᠢᠯᠡᠬᠦ ᠤᠬᠠᠭᠠᠨᠵᠢᠭᠰᠠᠨ ᠬᠢᠷᠢ ᠲᠦᠪᠰᠢᠨ ᠢ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠨ ᠢ ᠳᠠᠭᠠᠭᠤᠯᠤᠨ ᠤᠷᠤᠯᠭ᠎ᠠ ᠡᠬᠦᠳᠬᠦ ᠬᠡᠷᠡᠭᠲᠡᠢ ᠬᠡᠵᠡᠢ᠃       ᠲᠠᠶᠢᠹᠦᠰᠧ ᠬᠤᠰᠢᠭᠤᠨ ᠤ ᠬᠠᠭᠠᠨ ᠤ ᠠᠳᠤᠭᠤᠨ ᠰᠦᠷᠦᠭ ᠤᠨ ᠵᠤᠭᠠᠴᠠᠯ ᠤᠨ ᠤᠷᠤᠨ᠂ ᠳᠤᠯᠤᠨ ᠨᠤᠤᠷ ᠰᠢᠶᠠᠨ ᠤ ᠲᠢᠶᠠᠨ ᠴᠤᠸᠠᠩ ᠺᠢᠨᠣ᠋ ᠲᠧᠯᠸᠢᠰ ᠤᠨ ᠬᠤᠲᠠ ᠪᠤᠯᠤᠨ ᠸᠧᠨ ᠪᠦᠸᠧ ᠵᠤᠭᠠᠴᠠᠯ ᠤᠨ ᠠᠭᠤᠳᠠᠮ ᠲᠠᠯᠠᠪᠠᠢ᠂ ᠰᠢᠯᠤᠭᠤᠨ ᠬᠦᠬᠡ ᠬᠤᠰᠢᠭᠤᠨ ᠤ ᠶᠤᠸᠠᠨ ᠤ ᠲᠡᠭᠡᠲᠦ ᠨᠡᠶᠢᠰᠯᠡᠯ ᠤᠨ ᠪᠠᠭᠤᠷᠢ ᠪᠤᠯᠤᠨ ᠮᠥᠽᠸᠢ ᠵᠢᠴᠢ ᠬᠤᠪᠢᠯᠠᠢ ᠺᠢᠨᠣ᠋ ᠲᠧᠯᠸᠢᠰ ᠤᠨ ᠰᠠᠭᠤᠷᠢᠨ ᠤ ᠪᠠᠶᠢᠭᠤᠯᠤᠯᠲᠠ ᠶᠢᠨ ᠠᠬᠤᠢ ᠲᠠᠯᠠᠪᠠᠢ ᠪᠠᠷ ᠪᠠᠶᠢᠴᠠᠭᠠᠨ ᠰᠤᠳᠤᠯᠬᠤ ᠳᠠᠭᠠᠨ᠂ ᠹᠦ᠋ ᠸᠠᠨ ᠬᠤᠢ ᠬᠠᠮᠢᠶ᠎ᠠ ᠪᠦᠬᠦᠢ ᠭᠠᠵᠠᠷ ᠤᠷᠤᠨ ᠰᠠᠯᠠᠭ᠎ᠠ ᠮᠥᠴᠢᠷ ᠮᠤᠩᠭᠤᠯ ᠶᠤᠸᠠᠨ ᠤ ᠰᠤᠶᠤᠯ ᠪᠤᠯᠤᠨ ᠲᠠᠯ᠎ᠠ ᠨᠤᠲᠤᠭ ᠬᠤᠶᠠᠷ ᠶᠡᠭᠡ ᠤᠨᠴᠠᠯᠢᠭ ᠤᠨ ᠲᠤᠭᠤᠷᠢᠨ ᠳᠤ᠂ ᠪᠦᠬᠦ ᠤᠷᠤᠨ ᠪᠦᠰᠡ ᠶᠢᠨ ᠵᠤᠭᠠᠴᠠᠯ ᠤᠨ ᠲᠦᠯᠦᠪᠵᠢᠬᠦᠯᠬᠡ ᠶᠢ ᠥᠨᠳᠦᠷ ᠲᠦᠪᠰᠢᠨ ᠢᠶᠠᠷ ᠰᠠᠶᠢᠲᠤᠷ ᠬᠢᠬᠦ ᠬᠢᠵᠦ᠂ ᠰᠤᠶᠤᠯ ᠵᠤᠭᠠᠴᠠᠯ ᠢ ᠤᠶᠠᠯᠳᠤᠭᠤᠯᠤᠨ ᠬᠦᠭᠵᠢᠬᠦᠯᠬᠦ ᠶᠢ ᠪᠠᠷᠢᠮᠳᠠᠯᠠᠵᠦ᠂ ᠵᠤᠭᠠᠠᠴᠯ ᠤᠨ ᠥᠢᠯᠡᠴᠢᠯᠡᠭᠡᠨ ᠤ ᠥᠢᠯᠡᠰ ᠤᠨ ᠬᠥᠭᠵᠢᠯᠲᠡ ᠶᠢᠨ ᠲᠥᠪᠰᠢᠨ ᠢ ᠲᠠᠰᠤᠷᠠᠯᠲᠠ ᠥᠭᠡᠢ ᠲᠡᠭᠡᠭᠰᠢᠯᠡᠬᠦᠯᠬᠦ ᠬᠡᠷᠡᠭᠲᠡᠢ ᠬᠡᠪᠡ᠃       ᠹᠥ᠋ ᠸᠠᠨ ᠬᠤᠢ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠵᠢᠯ ᠤᠨ ᠡᠬᠢᠨ ᠳᠤ ᠲᠤᠭᠲᠠᠭᠠᠭᠰᠠᠨ ᠭᠤᠤᠯᠲᠠᠯᠭ᠎ᠠ ᠲᠠᠢ ᠠᠵᠢᠯ ᠶᠤᠰᠤᠭᠠᠷ ᠬᠠᠷᠢᠭᠤᠴᠠᠯᠭ᠎ᠠ ᠪᠠᠨ ᠲᠤᠲᠤᠷᠬᠠᠢᠢᠯᠠᠵᠥ᠂ ᠨᠢᠭᠡ ᠪᠥᠯᠥᠭ ᠴᠢᠬᠤᠯᠠ ᠶᠡᠭᠡ ᠠᠵᠤ ᠥᠢᠯᠡᠰ ᠤᠨ ᠵᠢᠱᠢᠶ᠎ᠠ ᠥᠵᠡᠬᠦᠯᠬᠦ ᠲᠥᠷᠥᠯ ᠵᠥᠢᠯ ᠪᠤᠯᠤᠨ ᠵᠠᠰᠠᠮᠠᠯ ᠵᠠᠮ᠂ ᠲᠡᠮᠥᠷ ᠵᠠᠮ᠂ ᠨᠢᠰᠭᠡᠯ ᠤᠨ ᠪᠠᠭᠤᠲᠠᠯ ᠵᠡᠷᠭᠡ ︽ᠲᠤᠯᠤᠭᠠᠨ ᠲᠤᠤᠷ︾ ᠤᠨ ᠰᠠᠭᠤᠷᠢ ᠲᠥᠭᠦᠭᠡᠷᠥᠮᠵᠢ ᠶᠢᠨ ᠲᠥᠷᠥᠯ ᠵᠥᠢᠯ ᠢ ᠲᠥᠪᠯᠡᠷᠡᠬᠦᠯᠥᠨ ᠠᠵᠢᠯ ᠡᠬᠢᠯᠡᠬᠦᠯᠵᠥ ᠵᠠᠯᠭᠠᠨ ᠪᠥᠲᠥᠭᠡᠨ ᠪᠠᠶᠢᠭᠤᠯᠬᠤ ᠬᠡᠷᠡᠭᠲᠡᠢ᠃ ᠰᠢᠯᠢᠳᠡᠭ ᠡᠬᠦᠯᠲᠡᠷ ᠤᠨ ᠥᠭᠡᠷ ᠬᠤᠨᠢ ᠮᠠᠯᠵᠢᠬᠤ ᠠᠵᠤ ᠥᠢᠯᠡᠰ᠂ ᠴᠡᠪᠡᠷ ᠡᠨᠧᠷᠬᠢ ᠶᠢᠨ ᠠᠵᠤ ᠥᠢᠯᠡᠰ᠂ ᠲᠠᠯ᠎ᠠ ᠨᠤᠲᠤᠭ ᠤᠨ ᠪᠥᠬᠦ ᠤᠷᠤᠨ ᠪᠥᠰᠡ ᠶᠢᠨ ᠵᠤᠭᠠᠴᠠᠯ ᠪᠤᠯᠤᠨ ᠲᠤᠮᠤ ᠳ᠋ᠠᠶᠢᠲ᠋ᠠ ᠶᠢᠨ ᠤᠲᠤ ᠥᠶ᠎ᠠ ᠶᠢᠨ ᠰᠤᠷᠠᠭ ᠴᠢᠮᠡᠭᠡᠨ ᠤ ᠠᠵᠤ ᠥᠢᠯᠡᠰ ᠢ ᠲᠥᠷᠭᠡᠳᠭᠡᠨ ᠬᠥᠭᠵᠢᠬᠦᠯᠵᠥ᠂ ᠠᠵᠤ ᠥᠢᠯᠡᠰ ᠤᠨ ᠬᠡᠯᠪᠡᠷᠢ ᠶᠢ ᠬᠤᠪᠢᠷᠠᠭᠤᠯᠵᠥ ᠲᠡᠰ ᠲᠡᠪᠰᠢᠬᠦᠯᠬᠦ ᠶᠢ ᠪᠥᠬᠦ ᠬᠥᠴᠥᠨ ᠢᠶᠠᠷ ᠠᠬᠢᠭᠤᠯᠬᠤ ᠬᠡᠷᠡᠭᠲᠡᠢ᠃ ᠠᠮᠢ ᠠᠬᠤᠢ ᠶᠢ ᠢᠮᠬᠠᠳᠠ ᠤᠷᠢᠲᠠᠪᠠᠷ ᠪᠤᠲᠤᠯᠬᠢᠯᠠᠵᠥ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠤᠷᠢ ᠱᠠᠩᠨᠠᠯ ᠤᠨ ᠲᠥᠷᠥ ᠶᠢᠨ ᠪᠤᠲᠤᠯᠭ᠎ᠠ ᠪᠠ ᠮᠠᠯ ᠪᠡᠯᠴᠢᠭᠡᠷ ᠤᠨ ᠲᠡᠩᠴᠡᠬᠦᠷᠢ ᠶᠢ ᠪᠠᠲᠤᠯᠠᠬᠤ ᠲᠥᠷᠢᠮ ᠢ ᠨᠠᠷᠢᠨ ᠬᠢᠨᠠᠮᠠᠭᠠᠢ ᠬᠡᠷᠡᠭᠵᠢᠬᠦᠯᠬᠦ ᠬᠡᠷᠡᠭᠲᠡᠢ ᠬᠡᠪᠡ᠃       ᠹᠥ᠋ ᠸᠠᠨ ᠬᠤᠢ ᠴᠢᠬᠤᠯᠠᠴᠢᠯᠠᠬᠤ ᠳᠠᠭᠠᠨ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠵᠥ᠂ ᠥᠢᠯᠡᠳᠪᠤᠷᠢᠯᠡᠯ ᠢ ᠬᠥᠭᠵᠢᠬᠦᠯᠬᠦ ᠳᠤ ᠲᠤᠬᠢᠷᠠᠮᠵᠢᠲᠠᠢ ᠭᠠᠵᠠᠷ ᠨᠡᠬᠦᠯᠭᠡᠨ ᠰᠢᠯᠵᠢᠬᠦᠯᠵᠥ ᠶᠠᠲᠠᠭᠤ ᠶᠢ ᠲᠡᠳᠬᠦᠬᠦ ᠵᠡᠷᠭᠡ ᠭᠤᠤᠯᠲᠠᠯᠭ᠎ᠠ ᠲᠠᠢ ᠢᠨᠵᠧᠨᠧᠷᠢᠩ ᠢ ᠰᠠᠶᠢᠲᠤᠷ ᠵᠤᠬᠢᠶᠠᠨ ᠪᠠᠶᠢᠭᠤᠯᠤᠨ ᠬᠡᠷᠡᠭᠵᠢᠬᠦᠯᠵᠥ᠂ ᠭᠤᠤᠯᠲᠠᠯᠭ᠎ᠠ ᠲᠠᠢ ᠠᠷᠠᠳ ᠤᠨ ᠠᠮᠢᠲᠤᠷᠠᠯ ᠤᠨ ᠢᠨᠵᠧᠨᠧᠷᠢᠩ ᠢ ᠨᠢᠭᠡᠲᠥᠯᠲᠡᠢ ᠲᠥᠯᠥᠪᠵᠢᠬᠦᠯᠥᠨ ᠠᠬᠢᠭᠤᠯᠵᠥ᠂ ᠨᠡᠶᠢᠭᠡᠮ ᠤᠨ ᠵᠥᠷᠢᠴᠡᠯ ᠤᠨ ᠬᠤᠷᠠᠮᠲᠤᠭᠰᠠᠨ ᠬᠡᠷᠡᠭ ᠢ ᠡᠶᠡᠲᠡᠬᠦᠯᠥᠨ ᠰᠢᠢᠳᠪᠤᠷᠢᠯᠡᠬᠦ ︽ᠵᠠᠭᠤᠨ ᠡᠲᠥᠷ ᠤᠨ ᠪᠤᠭᠤᠮᠲᠠ ᠰᠢᠪᠲᠤᠯᠬᠤ︾ ᠪᠤᠯᠤᠨ ᠨᠡᠶᠢᠭᠡᠮ ᠤᠨ ᠵᠥᠷᠢᠴᠡᠯ ᠵᠢᠭᠤᠷᠠᠭᠠᠨ ᠢ ᠶᠡᠬᠡᠪᠠᠷ ᠪᠠᠶᠢᠴᠠᠭᠠᠨ ᠰᠢᠢᠳᠪᠤᠷᠢᠯᠡᠬᠦ ᠲᠤᠰᠬᠠᠢ ᠲᠥᠷᠥᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠰᠠᠶᠢᠲᠤᠷ ᠥᠷᠨᠢᠬᠦᠯᠵᠥ᠂ ᠬᠢᠯᠢ ᠬᠢᠵᠠᠭᠠᠷ ᠤᠨ ᠠᠮᠤᠷ ᠲᠤᠭᠲᠠᠭᠤᠨ ᠤ ᠶᠡᠭᠡ ᠰᠠᠶᠢᠨ ᠪᠠᠶᠢᠲᠠᠯ ᠢ ᠥᠨᠡᠨᠬᠦ ᠪᠠᠬᠢᠵᠢᠬᠦᠯᠬᠦ ᠬᠡᠷᠡᠭᠲᠡᠢ ᠬᠡᠪᠡ᠃       ᠠᠶᠢᠮᠠᠭ ᠤᠨ ᠲᠡᠳ᠋ ᠲᠠᠷᠤᠭ᠎ᠠ ᠥᠯᠵᠡᠢ᠂ ᠾᠸᠥ ᡁᠢ ᠮᠢᠨ ᠵᠢᠴᠢ ᠬᠤᠯᠪᠤᠭᠲᠠᠯ ᠪᠥᠬᠦᠢ ᠬᠤᠰᠢᠭᠤ ᠰᠢᠶᠠᠨ᠂ ᠠᠶᠢᠮᠠᠭ ᠤᠨ ᠰᠢᠭᠤᠳ ᠬᠠᠷᠢᠶ᠎ᠠ ᠬᠤᠯᠪᠤᠭᠲᠠᠯ ᠪᠥᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠤᠯᠵᠥ ᠪᠠᠶᠢᠴᠠᠭᠠᠨ ᠰᠤᠲᠤᠯᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号