ᠰᠦᠨᠢᠳ ᠵᠡᠭᠦᠨ ᠬᠤᠰᠢᠭᠤ ᠤᠳᠤ ᠦᠶ᠎ᠡ ᠶᠢᠨ ᠮᠠᠯ ᠠᠵᠦ ᠠᠬᠤᠢ ᠶᠢ ᠬᠦᠭᠵᠢᠬᠦᠯᠵᠦ ᠮᠠᠯᠴᠢᠨ ᠡᠷᠦᠬᠡ ᠪᠠ ᠠᠵᠦ ᠠᠬᠤᠶᠢᠯᠠᠯ ᠤᠨ ᠠᠰᠢᠭ ᠲᠤᠰᠠ ᠶᠢᠨ ᠲᠤᠭᠳᠠᠯᠴᠠᠭ᠎ᠠ ᠶᠢ ᠪᠤᠢ ᠪᠤᠯᠭᠠᠵᠦ ᠪᠠᠶᠢᠨ᠎ᠠ
ᠨᠡᠶᠢᠲᠡᠯᠡᠭᠰᠡᠨ ᠴᠠᠭ᠄
2017-04-24
    ᠰᠦᠨᠢᠳ ᠵᠡᠭᠦᠨ ᠬᠤᠰᠢᠭᠤ ᠤᠳᠤ ᠶᠢᠨ ᠪᠠᠶᠢᠭ᠎ᠠ 126 ᠬᠤᠷᠰᠢᠶᠠᠵᠢᠯ ᠢ ᠤᠯᠠᠮ ᠲᠦᠷᠢᠮᠵᠢᠬᠦᠯᠵᠥ᠂ ᠲᠠᠶᠢᠴᠢᠯᠠᠬᠤ ᠴᠢᠳᠠᠪᠤᠷᠢ ᠭᠦᠷᠦᠯᠴᠡᠭᠦ ᠦᠭᠡᠢ᠂ ᠬᠠᠮᠢᠶᠠᠷᠦᠯᠳᠡ ᠲᠦᠷᠢᠮᠵᠢᠯ ᠢᠶᠠᠷ ᠠᠨᠠᠢ ᠬᠤᠷᠰᠢᠶᠠᠵᠢᠯ ᠢ ᠬᠠᠰᠤᠨ ᠳᠡᠭᠰᠢᠯᠡᠵᠤ᠂ 150 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠠ ᠪᠠᠷ ᠪᠠᠶᠢᠭᠤᠯᠬᠤ ᠪᠠᠷ ᠪᠠᠶᠢᠨ᠎ᠠ᠃       ᠳᠤᠰ ᠬᠤᠰᠢᠭᠤ ᠤᠬᠠᠭᠤᠯᠭ᠎ᠠ ᠪᠤᠯᠪᠠᠰᠤᠷᠠᠯ ᠢ ᠴᠢᠩᠭᠠᠳᠬᠠᠨ᠂ ᠨᠢᠭᠡ ᠪᠦᠯᠦᠭ ᠮᠠᠯᠴᠢᠳ ᠢ ᠲᠠᠶᠢᠴᠢᠯᠠᠨ ᠬᠤᠷᠰᠢᠶᠠᠵᠢᠯ ᠤᠨ ᠲᠠᠭᠠᠭᠤᠯᠤᠬᠴᠢ ᠭᠦᠮᠦᠰ ᠢ ᠭᠦᠮᠦᠵᠢᠭᠦᠯᠦᠨ᠂ ᠲᠤᠰᠬᠠᠶᠢᠵᠢᠭᠰᠠᠨ ᠮᠠᠯ ᠠᠵᠤ ᠠᠬᠤᠢ ᠶᠢᠨ ᠦᠢᠯᠡᠳᠪᠤᠷᠢᠯᠡᠯ᠂ ᠭᠡᠪᠴᠢᠶᠡᠵᠢᠭᠰᠡᠨ ᠲᠡᠵᠢᠭᠡᠨ ᠦᠷᠡᠵᠢᠬᠦᠯᠬᠦ᠂ ᠲᠦᠪᠯᠡᠷᠡᠭᠰᠡᠨ ᠡᠵᠡᠩᠨᠡᠯᠲᠡ ᠶᠢ ᠠᠭᠢᠭᠤᠯᠤᠨ᠂ ᠵᠢᠱᠢᠶ᠎ᠠ ᠦᠵᠡᠭᠦᠯᠦᠨ ᠲᠠᠶᠢᠴᠢᠯᠠᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠣ᠂ ᠪᠦᠭᠦ ᠬᠤᠰᠢᠭᠤᠨ ᠤ ᠭᠡᠪᠴᠢᠶᠡᠨ ᠳᠤ 1 ᠰᠦᠨᠢᠳ ᠬᠤᠨᠢᠨ ᠤ ᠨᠡᠶᠢᠭᠡᠮᠯᠢᠭ ᠢ ᠪᠠᠶᠢᠭᠤᠯᠬᠤ ᠪᠤᠶᠤ ︽ᠲᠠᠪᠤᠨ ᠡᠷᠳᠡᠨᠢ︾ ᠮᠠᠯ ᠠᠵᠦ ᠠᠬᠤᠢ ᠶᠢᠨ ᠬᠤᠯᠪᠤᠭᠠᠯᠠᠬᠰᠠᠨ ᠬᠤᠷᠰᠢᠶᠠᠵᠢᠯ ᠢ ᠲᠤᠷᠢᠮᠵᠢᠭᠦᠯᠵᠦ᠂ ᠵᠢᠵᠢᠭ᠂ ᠲᠠᠷᠠᠬᠠᠢ ᠦᠢᠯᠡᠳᠪᠤᠷᠢᠯᠡᠯ ᠤᠨ ᠭᠤᠭᠴᠤᠭ᠎ᠠ ᠶᠢ ᠴᠤᠮᠬᠠᠳᠬᠠᠨ᠂ ᠪᠦᠭᠦ ᠬᠤᠰᠢᠭᠤᠨ ᠤ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠵᠢᠯ ᠤᠨ ᠲᠤᠮᠤ ᠡᠷᠦᠭᠡ ᠶᠢ ᠨᠡᠶᠢᠭᠡᠮᠯᠢᠭ ᠲᠤ ᠤᠷᠤᠯᠴᠠᠭᠤᠯᠵᠦ᠂ ᠵᠠᠰᠠᠭ ᠤᠨ ᠤᠷᠳᠤᠨ ᠠᠴᠠ ᠪᠡᠯᠡ ᠭᠠᠷᠭᠠᠨ ᠤᠯᠤᠰ ᠤᠨ ᠲᠡᠰ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ ᠪᠦᠬᠦᠢ ᠡᠵᠡᠩᠨᠡᠨ ᠬᠠᠮᠢᠶᠠᠷᠤᠯᠲᠠ ᠶᠢᠨ ᠮᠡᠷᠭᠡᠵᠢᠯᠲᠡᠨ ᠢ ᠤᠷᠢᠵᠤ᠂ ᠠᠵᠤ ᠠᠬᠤᠶᠢᠵᠢᠭᠰᠠᠨ ᠬᠠᠮᠢᠶᠠᠷᠤᠯᠲᠠ ᠶᠢ ᠶᠠᠪᠣᠭᠳᠠᠭᠤᠯᠬᠤ ᠪᠠᠷ ᠲᠦᠯᠦᠪᠯᠡᠵᠣ᠂ ᠮᠠᠯᠴᠢᠳ ᠤᠨ ᠵᠤᠬᠢᠶᠠᠨ ᠪᠠᠶᠢᠭᠤᠯᠬᠤ ᠴᠢᠳᠠᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠤ᠂ ᠠᠵᠤ ᠠᠬᠤᠶᠢᠯᠠᠯ ᠪᠠ ᠵᠠᠰᠠᠭ ᠤᠨ ᠤᠷᠳᠤᠨ ᠤ ᠬᠤᠭᠤᠷᠤᠠᠳᠤᠬᠢ ᠬᠠᠷᠢᠯᠴᠠᠭ᠎ᠠ ᠶᠢ ᠴᠢᠩᠭᠠᠳᠬᠠᠬᠤ ᠪᠠᠷ ᠪᠠᠶᠢᠨ᠎ᠠ᠃       ᠣᠨᠴᠠᠭᠠᠶᠢᠯᠠᠨ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠢ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠪᠤᠯᠤᠨ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠵᠢᠯ ᠤᠨ ᠳᠤᠰᠬᠠᠢ ᠡᠷᠦᠬᠡ ᠶᠢ ᠵᠤᠷᠢᠭᠵᠢᠭᠤᠯᠤᠨ ᠬᠤᠯᠪᠤᠭᠠᠯᠠᠨ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠢ ᠪᠠᠶᠢᠭᠤᠯᠵᠤ᠂ ︽ ᠠᠵᠤ ᠠᠬᠤᠢ ᠶᠢᠨ ᠲᠤᠭᠤᠷᠢᠭ + ᠠᠵᠤ ᠠᠬᠤᠶᠢᠯᠠᠯ + ᠬᠤᠷᠰᠢᠶᠠᠵᠢᠯ︾᠂ ︽ᠠᠵᠤ ᠠᠬᠤᠶᠢᠯᠠᠯ + ᠰᠠᠭᠤᠷᠢᠨ ᠭᠠᠵᠠᠷ + ᠮᠠᠯᠴᠢᠨ ᠡᠷᠦᠬᠡ︾ ᠵᠡᠷᠭᠡ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠪᠦᠷᠢᠠᠰᠢᠬᠦᠯᠵᠤ᠂ ᠤᠳᠥ ᠦᠶ᠎ᠠ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠪᠦᠷᠢᠯᠳᠦᠬᠦᠯᠦᠨ᠎ᠡ᠃ ᠡᠭᠦᠨ ᠤ ᠬᠠᠮᠲᠤ᠂ 10 ᠭᠠᠴᠠᠭ᠎ᠠ ᠪᠠ 20 ᠬᠤᠷᠰᠢᠶᠠᠵᠢᠯ ᠢ ᠵᠢᠭᠠᠨ ᠵᠢᠯᠤᠭᠤᠳᠴᠤ᠂ ᠤᠯᠠᠭᠠᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠲᠠᠢ ᠮᠠᠯ ᠤᠨ ᠪᠤᠷᠤᠯᠠᠭᠤᠯᠤᠯᠳᠠ ᠶᠢᠨ ᠭᠡᠷ᠎ᠡ ᠲᠤᠭᠳᠠᠵᠤ᠂ ᠠᠵᠤ ᠠᠬᠤᠶᠢᠯᠠᠯ ᠪᠠ ᠮᠠᠯᠴᠢᠨ ᠡᠷᠦᠬᠡ ᠶᠢᠨ ᠠᠰᠢᠭ ᠢ ᠬᠠᠮᠲᠤ ᠪᠠᠷ ᠡᠳ᠋ᠯᠡᠵᠤ᠂ ᠬᠤᠬᠢᠷᠠᠯ ᠰᠦᠢᠳᠤᠯ ᠢ ᠬᠠᠮᠲᠤ ᠪᠠᠷ ᠡᠭᠦᠷᠭᠡᠯᠡᠬᠦ ᠠᠰᠢᠭ ᠲᠤᠰᠠ ᠶᠢᠨ ᠲᠤᠭᠳᠠᠯᠴᠠᠭ᠎ᠠ ᠶᠢ ᠪᠤᠢ ᠪᠣᠯᠭᠠᠬᠤ ᠪᠠᠷ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号