ᠲᠠᠶᠢᠹᠤᠰᠧ ᠬᠤᠰᠢᠭᠤ ᠤᠷᠤᠨ ᠤ ᠲᠡᠰ ᠤᠨ ᠪᠠᠷᠢᠮᠵᠢᠶᠠᠵᠢᠭᠰᠠᠨ ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠤᠨ ᠲᠤᠷᠰᠢᠯᠳᠠ ᠶᠢᠨ ᠴᠡᠭ ᠢ ᠪᠠᠶᠢᠭᠤᠯᠪᠠ
ᠨᠡᠶᠢᠲᠡᠯᠡᠭᠰᠡᠨ ᠴᠠᠭ᠄
2017/4/24
    ᠤᠶᠢᠷ᠎ᠠ ᠳᠤ᠂ ᠲᠠᠶᠢᠹᠤᠰᠧ ᠬᠤᠰᠢᠭᠤᠨ ᠤ ︽ᠬᠠᠭᠠᠨ ᠤ ᠠᠳᠤᠭᠤᠨ ᠵᠤᠰᠠᠭᠠᠯ︾ ᠵᠤᠭᠠᠴᠠᠯ ᠤᠨ ᠦᠵᠡᠮᠵᠢᠳᠦ ᠤᠷᠤᠨ ᠥᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠪᠠᠶᠢᠭᠤᠯᠤᠮᠵᠢ ᠶᠢᠨ ᠬᠢᠨᠠᠨ ᠰᠢᠯᠭᠠᠯᠳᠠ ᠳᠤ ᠬᠢᠷᠢ ᠲᠡᠩᠴᠡᠵᠦ᠂ ᠲᠠᠶᠢᠹᠤᠰᠧ ᠬᠤᠰᠢᠭᠤᠨ ᠤ ᠤᠤᠭᠠᠨ ᠡᠷᠦᠬᠡ ᠤᠷᠤᠨ ᠤ ᠲᠡᠰ ᠤᠨ ᠪᠠᠷᠢᠮᠵᠢᠶᠠᠵᠢᠭᠰᠠᠨ ᠵᠤᠭᠠᠴᠠᠯ ᠤᠨ ᠦᠢᠯᠡᠴᠢᠯᠡᠬᠡᠨ ᠤ ᠦᠢᠯᠡᠰ ᠤᠨ ᠲᠤᠷᠰᠢᠯᠳᠠ ᠶᠢᠨ ᠴᠡᠭ ᠪᠤᠯᠤᠭᠰᠠᠨ ᠪᠠᠶᠢᠨ᠎ᠠ᠃        ︽ᠬᠠᠭᠠᠨ ᠤ ᠠᠳᠤᠭᠤᠨ ᠵᠤᠰᠠᠭᠠᠯ︾ ᠵᠤᠭᠠᠴᠠᠯ ᠤᠨ ᠦᠵᠡᠮᠵᠢᠳᠦ ᠤᠷᠤᠨ 2014 ᠤᠨ ᠤ 4 ᠳ᠋ᠤᠭᠡᠷ ᠰᠠᠷ᠎ᠠ ᠳᠤ ᠲᠤᠷᠰᠢᠯᠳᠠ ᠶᠢᠨ ᠴᠢᠭ ᠤᠨ ᠲᠦᠷᠦᠯ ᠵᠦᠢᠯ ᠤᠨ ᠨᠢᠬᠡᠴᠡ ᠪᠠᠷ ᠲᠤᠭᠳᠠᠭᠠᠭᠳᠠᠭᠰᠠᠨ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠤ ᠭᠡᠷᠡᠭᠵᠢᠬᠦᠯᠬᠦ ᠠᠷᠭ᠎ᠠ ᠲᠦᠷᠢᠮ ᠤᠨ ᠱᠠᠭᠠᠷᠳᠠᠯᠭ᠎ᠠ ᠶᠤᠰᠤᠭᠠᠷ ᠠᠵᠢᠯᠯᠠᠵᠤ᠂ ᠶᠡᠷᠦᠩᠬᠡᠢ ᠵᠠᠬᠢᠷᠤᠯ ᠢᠶᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ ᠲᠤᠷᠰᠢᠯᠳᠠ ᠶᠢᠨ ᠴᠢᠭ ᠤᠨ ᠪᠦᠳᠦᠭᠡᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠤᠨ᠂ ᠮᠤᠩᠭᠤᠯ ᠶᠤᠸᠠᠨ ᠤ ᠰᠤᠶᠤᠯ᠂ ᠠᠳᠤᠭᠤᠨ ᠰᠤᠶᠤᠯ᠂ ᠠᠳᠤᠭᠤᠨ ᠤ ᠬᠠᠮᠢᠶᠠᠳᠠᠢ ᠪᠡᠶ᠎ᠡ ᠶᠢᠨ ᠲᠠᠮᠢᠷ ᠤᠨ ᠬᠦᠳᠡᠯᠬᠡᠬᠡᠨ ᠤ ᠲᠤᠭᠤᠷᠢᠨ ᠳᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠨᠠᠭᠠᠳᠤᠮ ᠲᠤᠭᠯᠠᠭᠠᠮ᠂ ᠪᠠᠷᠠᠭ᠎ᠠ ᠲᠠᠸᠠᠷ ᠲᠦᠷᠪᠡᠨ ᠶᠡᠭᠡ ᠴᠢᠬᠤᠯᠠ ᠵᠦᠢᠯ ᠢ ᠬᠦᠭᠵᠢᠬᠦᠯᠦᠨ᠂ ᠠᠵᠢᠯ ᠲᠦᠷᠦᠯ ᠤᠨ ᠤᠨᠴᠠᠯᠢᠭ ᠢ ᠢᠯᠡᠷᠡᠬᠦᠯᠵᠦ᠂ ᠤᠷᠤᠨ ᠨᠤᠳᠤᠭ ᠤᠨ ᠬᠡᠪ ᠨᠠᠮᠪᠠ ᠶᠢ ᠲᠤᠪᠤᠶᠢᠯᠭᠠᠨ᠂ ᠵᠤᠭᠠᠴᠠᠯ ᠤᠨ ᠴᠢᠭ ᠤᠨ ᠢᠶᠠᠨ ᠤᠨᠴᠠᠯᠢᠭ ᠲᠤ ᠲᠤᠬᠢᠷᠠᠭᠰᠠᠨ ᠵᠤᠭᠠᠴᠠᠯ ᠤᠨ ᠪᠠᠷᠢᠮᠵᠢᠶᠠᠳᠤ ᠰᠢᠰᠲ᠋ᠧᠮ ᠢ ᠲᠡᠬᠦᠯᠳᠡᠷᠵᠢᠬᠦᠯᠵᠦ ᠢᠷᠡᠵᠡᠢ᠃ ᠲᠤᠰ ᠵᠤᠭᠠᠴᠠᠯ ᠤᠨ ᠴᠢᠭ ᠨᠢ 2009 ᠤᠨ ᠳᠤ ᠪᠦᠬᠦ ᠤᠷᠤᠨ ᠤ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠤᠯᠵᠤ᠂ 2013 ᠤᠨ ᠳᠤ ᠤᠯᠤᠰ ᠤᠨ 4A ᠲᠡᠰ ᠤᠨ ᠵᠤᠭᠠᠴᠠᠯ ᠤᠨ ᠦᠵᠡᠮᠵᠢᠳᠦ ᠤᠷᠤᠨ᠂ ᠲᠤᠮᠳᠠᠳᠤ ᠤᠯᠤᠰ ᠤᠨ ᠠᠳᠤᠭᠤᠨ ᠰᠤᠶᠤᠯ ᠤᠨ ᠦᠢᠯᠡᠰ ᠤᠨ ᠨᠡᠶᠢᠬᠡᠮᠯᠢᠭ ᠤᠨ ᠭᠡᠷᠡᠭ ᠡᠷᠬᠢᠯᠡᠬᠦ ᠨᠢᠬᠡᠴᠡ᠂ ᠪᠡᠭᠡᠵᠢᠩ ᠤᠨ ᠮᠤᠷᠢᠨ ᠮᠡᠷᠭᠡᠵᠢᠯ ᠤᠨ ᠨᠡᠶᠢᠬᠡᠮᠯᠢᠭ ᠤᠨ ᠭᠡᠰᠢᠬᠦᠨ ᠨᠢᠬᠡᠴᠡ ᠪᠤᠯᠤᠭᠰᠠᠨ ᠪᠦᠬᠡᠳ 2015 ᠤᠨ ᠳᠤ ᠲᠤᠮᠳᠠᠳᠤ ᠤᠯᠤᠰ ᠤᠨ ᠰᠢᠨᠳᠠᠰᠤᠳᠤ ᠬᠦᠯᠦᠭ ᠪᠤᠶᠢᠵᠢᠭᠤᠯᠬᠤ ᠪᠠ ᠰᠤᠷᠭᠠᠬᠤ ᠰᠠᠭᠤᠷᠢᠨ ᠭᠠᠵᠠᠷ ᠪᠤᠯᠵᠤ᠂ 2016 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠳᠤᠭᠤᠨ ᠰᠤᠶᠤᠯ ᠤᠨ ᠦᠢᠯᠡᠰ ᠤᠨ ᠪᠠᠷᠢᠮᠵᠢᠶᠠᠳᠤ ᠮᠡᠷᠭᠡᠵᠢᠯ ᠤᠨ ᠵᠦᠪᠯᠡᠯ ᠤᠨ ᠭᠡᠰᠢᠬᠦᠨ ᠪᠤᠯᠤᠭᠰᠠᠨ ᠪᠠᠶᠢᠨ᠎ᠠ᠃ ᠵᠤᠭᠠᠴᠠᠯ ᠤᠨ ᠴᠢᠭ ᠤᠨ ᠲᠠᠮᠢᠷᠴᠢᠳ ᠤᠨ ᠠᠩᠬᠢ ᠨᠢ ᠪᠦᠬᠦ ᠤᠯᠤᠰ ᠤᠨ ᠮᠤᠷᠢᠨ ᠮᠡᠷᠭᠡᠵᠢᠯ ᠤᠨ ᠲᠦᠩᠰᠡ ᠲᠤᠭᠤᠷᠢᠬᠤ ᠤᠷᠤᠯᠳᠤᠭᠠᠨ ᠳᠤ ᠬᠤᠶᠠᠷ ᠤᠳᠠᠭ᠎ᠠ ᠪᠦᠯᠬᠦᠮ ᠨᠢᠭᠡᠴᠡ ᠶᠢᠨ ᠮᠠᠩᠯᠠᠢ ᠪᠠᠷ ᠰᠢᠯᠭᠠᠷᠠᠭᠰᠠᠨ ᠪᠦᠬᠡᠳ 2013 ᠤᠨ ᠤ 9 ᠳ᠋ᠤᠭᠡᠷ ᠰᠠᠷ᠎ᠠ ᠳᠤ ᠰᠢᠯᠢ ᠶᠢᠨ ᠬᠤᠳᠠ ᠳᠤ ᠪᠤᠯᠤᠭᠰᠠᠨ ︽ᠲᠤᠮᠳᠠᠳᠤ ᠤᠯᠤᠰ ᠤᠨ ᠠᠳᠤᠭᠤᠳᠤ ᠨᠤᠳᠤᠭ︾᠎ ᠤᠨ ᠶᠡᠭᠡ ᠨᠠᠶᠢᠷ ᠲᠡᠭᠡᠷ᠎ᠡ ᠬᠤᠶᠠᠷ ᠲᠦᠷᠦᠯ ᠤᠨ ᠮᠤᠷᠢᠨ ᠮᠡᠷᠭᠡᠵᠢᠯ ᠤᠨ ᠬᠦᠳᠡᠯᠬᠡᠬᠡᠨ ᠨᠢ ᠲᠡᠯᠡᠬᠡᠢ ᠶᠢᠨ ᠬᠢᠨᠢᠰ ᠤᠨ ᠲᠡᠮᠳᠡᠭᠯᠡᠯ ᠢ ᠡᠬᠦᠳᠴᠡᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号