ᠰᠢᠯᠢ ᠶᠢᠨ ᠬᠤᠳᠠ ᠬᠤᠳᠠ ᠲᠤᠭᠤᠷᠢᠨ ᠢᠶᠠᠨ ᠨᠤᠭᠤᠡᠠᠭᠤᠯᠬᠤ ᠠᠵᠢᠯᠯᠠᠭ᠎ᠠ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2017/4/24
    ᠰᠢᠯᠢ ᠶᠢᠨ ᠬᠤᠳᠠ ᠬᠤᠳᠠ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠳᠦᠯᠬᠢᠨ ᠠᠬᠢᠭᠤᠯᠵᠦ᠂ ᠠᠷᠠᠳ ᠤᠯᠠᠨ ᠳᠠᠭᠠᠨ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠦᠷ᠎ᠠ ᠪᠦᠳᠦᠭᠡᠯ ᠢ ᠡᠳ᠋ᠯᠡᠭᠦᠯᠦᠨ᠂ ᠡᠬᠡ ᠤᠯᠤᠰ ᠤᠨ ᠤᠮᠠᠷᠠᠳᠦ ᠬᠢᠯᠢ ᠶᠢᠨ ᠦᠵᠡᠮᠵᠢ ᠶᠢᠨ ᠪᠦᠰᠡ ᠶᠢ ᠪᠠᠶᠢᠭᠤᠯᠵᠦ᠂ ᠤᠬᠢ ᠰᠠᠶᠢᠬᠠᠨ ᠳᠦᠷᠢ ᠳᠦᠷᠬᠦ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠬᠳᠤᠨ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠡᠨ 70 ᠵᠢᠯ ᠤᠨ ᠤᠢ ᠶᠢᠨ ᠪᠠᠶᠠᠷ ᠢ ᠪᠡᠯᠭᠡᠯᠡᠬᠦ ᠪᠠᠷ ᠬᠤᠳᠠ ᠶᠢᠨ ᠤᠷᠴᠢᠨ ᠲᠤᠭᠤᠷᠢᠨ ᠢᠶᠠᠨ ᠤᠶᠢᠵᠢᠭᠤᠯᠵᠦ ᠨᠤᠭᠤᠭᠠᠷᠠᠭᠤᠯᠬᠤ ᠠᠵᠢᠯ ᠤᠨ ᠬᠦᠴᠦᠯᠡᠴᠠ ᠪᠠᠨ ᠤᠯᠠᠮ ᠨᠡᠮᠡᠭᠳᠡᠭᠦᠯᠵᠦ᠂ ᠨᠡᠶᠢᠳᠠ 4.66 ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠤᠨ᠂ 200 ᠭᠠᠷᠤᠢ ᠲᠦᠮᠡᠨ ᠬᠠᠪᠳᠠᠭᠠᠢ ᠳᠦᠷᠪᠡᠯᠵᠢᠨ ᠮᠧᠳ᠋ᠷ ᠲᠠᠯᠠᠪᠠᠢ ᠪᠦᠬᠦᠢ ᠬᠤᠳᠠ ᠲᠤᠭᠤᠷᠢᠨ ᠤ ᠭᠠᠵᠠᠷ ᠢ ᠨᠤᠭᠤᠭᠠᠷᠠᠭᠤᠯᠵᠦ᠂ 6 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦ ᠠᠵᠢᠯ ᠢᠶᠠᠨ ᠳᠠᠭᠤᠰᠬᠠᠬᠤ ᠪᠠᠷ ᠪᠠᠶᠢᠨ᠎ᠠ᠃       ᠤᠢᠢᠯᠠᠭᠠᠬᠰᠠᠨ ᠢᠶᠠᠷ᠂ ᠰᠢᠯᠢ ᠶᠢᠨ ᠭᠤᠤᠯ ᠳᠠᠭᠠᠤ ᠶᠢᠨ ᠠᠮᠢ ᠠᠬᠤᠢ ᠶᠢᠨ ᠦᠵᠡᠮᠵᠢ ᠶᠢᠨ ᠤᠷᠤᠨ ᠤ ᠤᠶᠢᠵᠢᠭᠤᠯᠤᠯᠳᠠ ᠶᠢᠨ ᠢᠨᠵᠧᠨᠧᠷᠢᠩ ᠨᠡᠶᠢᠳᠡ 77.55 ᠲᠦᠮᠡᠨ ᠬᠠᠪᠳᠠᠭᠠᠢ ᠳᠦᠷᠪᠡᠯᠵᠢᠨ ᠮᠧᠳ᠋ᠷ ᠪᠠᠶᠢᠵᠤ᠂ ᠶᠡᠷᠦᠩᠭᠡᠢ ᠪᠡᠯᠡ ᠤᠷᠤᠭᠤᠯᠤᠯᠳᠠ 1.83 ᠳ᠋ᠦᠩᠰᠢᠭᠤᠷ ᠲᠦᠭᠦᠷᠢᠭ ᠲᠤ ᠬᠦᠷᠦᠨ᠎ᠠ᠃ ᠡᠬᠦᠨ ᠳᠤ᠂ ᠡᠷᠳᠡᠨᠢ ᠤᠪᠤᠭ᠎ᠠ ᠴᠡᠴᠡᠷᠯᠢᠭ ᠢ ᠦᠷᠭᠡᠳᠭᠡᠨ ᠪᠠᠶᠢᠭᠤᠯᠬᠤ ᠢᠨᠵᠧᠨᠧᠷᠢᠩ᠂ ᠤᠷᠭᠤᠮᠠᠯ ᠤᠨ ᠬᠦᠷᠢᠶᠡᠯᠡᠩ ᠤᠨ ᠡᠮᠦᠨ᠎ᠠ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠸᠧᠢ ᠬᠠᠢ ᠠᠮᠠᠷᠠᠯᠳᠠ ᠶᠢᠨ ᠪᠠᠭᠤᠳᠠᠯ ᠤᠨ ᠡᠷᠭᠢᠨ ᠲᠤᠭᠤᠷᠢᠨ ᠤ ᠨᠤᠭᠤᠭᠠᠷᠠᠭᠤᠯᠤᠯᠳᠠ ᠪᠤᠯᠤᠨ ᠠᠳᠤᠭᠤᠨ ᠰᠤᠶᠤᠯ ᠤᠨ ᠲᠦᠪ ᠤᠨ ᠤᠶᠢᠷ᠎ᠠ ᠤᠷᠴᠢᠨ ᠤ ᠨᠤᠭᠤᠭᠠᠷᠠᠭᠤᠯᠤᠯᠳᠠ ᠵᠡᠷᠭᠡ ᠳᠦᠷᠪᠡᠨ ᠭᠤᠤᠯᠳᠠᠯᠭ᠎ᠠ ᠲᠠᠢ ᠲᠦᠷᠦᠯ ᠵᠦᠢᠯ ᠪᠠᠭᠳᠠᠨ᠎ᠠ᠃ ᠡᠭᠦᠨ ᠠᠴᠠ ᠭᠠᠳᠠᠨ᠎ᠠ᠂ ᠵᠠᠮ ᠤᠨ ᠬᠤᠶᠠᠷ ᠬᠠᠵᠠᠭᠤ ᠶᠢᠨ ᠮᠤᠳᠤ ᠤᠷᠭᠤᠮᠠᠯ ᠢ ᠨᠦᠬᠦᠵᠦ ᠲᠠᠷᠢᠬᠤ᠂ ᠰᠢᠨ᠎ᠠ ᠪᠠᠷ ᠲᠠᠷᠢᠬᠤ ᠪᠠ ᠬᠤᠳᠠ ᠤᠷᠤᠵᠦ ᠭᠠᠷᠬᠤ ᠵᠠᠮ ᠤᠨ ᠬᠤᠶᠠᠷ ᠲᠠᠯ᠎ᠠ ᠶᠢᠨ ᠨᠤᠭᠤᠭᠠᠷᠠᠭᠤᠯᠤᠯᠳᠠ ᠶᠢᠨ ᠠᠵᠢᠯ ᠢ ᠰᠠᠶᠢᠳᠤᠷ ᠬᠢᠬᠦ ᠪᠤᠯᠤᠨ᠎ᠠ᠃ ᠮᠤᠳᠤ᠂ ᠤᠷᠭᠤᠮᠠᠯ ᠤᠨ ᠲᠦᠷᠦᠯ ᠵᠦᠢᠯ ᠤᠨ ᠲᠠᠯ᠎ᠠ ᠪᠠᠷ᠂ ᠨᠠᠷᠠᠰᠤ᠂ ᠤᠯᠢᠶᠠᠰᠤ᠂ ᠤᠳᠠ ᠮᠤᠳᠤ ᠵᠡᠷᠭᠡ ᠦᠨᠳᠦᠷ ᠮᠤᠳᠤ᠂ ᠭᠤᠤᠯᠳᠤ ᠪᠤᠷᠤ᠂ ᠬᠡᠭᠡᠷ᠎ᠠ ᠶᠢᠨ ᠭᠦᠢᠯᠡᠰᠦ ᠵᠡᠷᠭᠡ ᠪᠤᠳᠠ ᠮᠤᠳᠤ ᠪᠠ ᠴᠠᠬᠢᠯᠳᠠᠭ᠂ ᠳᠤᠮᠤ ᠰᠢᠷ᠎ᠠ ᠴᠡᠴᠡᠭ ᠵᠡᠷᠭᠡ ᠡᠪᠡᠰᠦᠯᠢᠭ ᠤᠷᠭᠤᠮᠠᠯ ᠤᠨ ᠲᠦᠷᠦᠯ ᠪᠠᠭᠳᠠᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号