︽ᠲᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠦ ᠠᠯᠤᠰ ᠤᠨ ᠮᠤᠷᠢᠨ ᠤ ᠤᠷᠤᠯᠳᠤᠭᠠᠨ ᠤ 2017 ᠤᠨ ᠤ ᠠᠯᠤᠰ ᠤᠨ ᠮᠤᠷᠢᠨ ᠤᠷᠤᠯᠳᠤᠭᠠᠨ ᠤ ᠨᠢᠭᠡᠳᠦᠭᠡᠷ ᠲᠠᠯᠠᠪᠠᠢ ᠤᠷᠤᠯᠳᠤᠭᠠᠨ︾ ᠳᠤ ᠪᠠᠷᠠᠭᠤᠨ ᠦᠵᠦᠮᠦᠴᠢᠨ ᠬᠤᠰᠢᠭᠤ ᠶᠡᠷᠦᠩᠭᠡᠢ ᠭᠢᠷᠢ ᠪᠦᠳᠦᠮᠵᠢ ᠪᠠᠷ ᠢᠶᠠᠨ ᠲᠡᠷᠢᠭᠦᠯᠡᠪᠠ
ᠨᠡᠶᠢᠲᠡᠯᠡᠭᠰᠡᠨ ᠴᠠᠭ᠄
2017/4/24
    4 ᠳ᠋ᠤᠭᠡᠷ ᠰᠠᠷ᠎ᠠ ᠶᠢᠨ 8 ᠤ ᠡᠳᠦᠷ ᠲᠤᠮᠳᠠᠳᠦ ᠤᠯᠤᠰ ᠤᠨ ᠠᠳᠤᠭᠤᠨ ᠤ ᠦᠢᠯᠡᠰ ᠤᠨ ᠨᠡᠶᠢᠬᠡᠮᠯᠢᠭ ᠪᠤᠯᠤᠨ ᠠᠠᠾᠦ᠋ᠢ ᠮᠤᠵᠢ ᠶᠢᠨ ᠳ᠋ᠠᠩ ᠱᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠭᠢᠯᠡᠭᠰᠡᠨ ᠲᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠦ ᠠᠯᠤᠰ ᠤᠨ ᠮᠤᠷᠢᠨ ᠤ ᠤᠷᠤᠯᠳᠤᠭᠠᠨ ᠤ 2017 ᠤᠨ ᠤ ᠠᠯᠤᠰ ᠤᠨ ᠮᠤᠷᠢᠨ ᠤᠷᠤᠯᠳᠤᠭᠠᠨ ᠤ ᠨᠢᠭᠡᠳᠦᠭᠡᠷ ᠲᠠᠯᠠᠪᠠᠢ ᠤᠷᠤᠯᠳᠤᠭᠠᠨ ︽ᠱᠸᠡᠭ ᠳ᠋ᠧ ᠪᠢᠴᠢᠭ ᠤᠨ ᠭᠦᠷᠢᠶᠡᠯᠡᠩ︾  ᠤᠨ ᠲᠡᠷᠭᠡᠳᠡ ᠦᠪᠡᠳᠡᠭᠰᠢ ᠶᠡᠭᠡᠪᠡᠷ ᠶᠠᠪᠤᠬᠳᠠᠯ᠎ᠡ᠃       ᠤᠷᠤᠯᠳᠤᠭᠠᠨ ᠤ ᠡᠭᠢᠯᠡᠯᠳᠡ ᠶᠢᠨ ᠶᠤᠰᠤᠯᠠᠯ ᠲᠡᠭᠡᠷ᠎ᠠ ᠶᠠᠪᠤᠬᠳᠠᠬᠰᠠᠨ ᠮᠠᠨ ᠤ ᠠᠶᠢᠮᠠᠭ ᠤᠨ ᠰᠢᠯᠤᠭᠤᠨ ᠭᠦᠪᠡᠭᠡᠳᠦ ᠴᠠᠭᠠᠨ ᠬᠤᠰᠢᠭᠤᠨ ᠤ ᠤᠯᠠᠭᠠᠠᠮᠦ᠋ᠴᠢᠷ ᠤᠨ ᠲᠣᠬᠯᠠᠯᠳᠡ ᠪᠤᠯᠤᠨ ᠲᠤᠬᠠᠢ ᠶᠢᠨ ᠭᠠᠵᠠᠷ ᠤᠷᠤᠨ ᠤ ᠤᠨᠴᠠᠯᠢᠭ ᠲᠠᠢ ᠵᠡᠪᠰᠡᠭ ᠤᠨ ᠡᠷᠳᠡᠮ ᠤᠨ ᠦᠵᠡᠭᠦᠯᠦᠯᠭᠡ ᠵᠢᠴᠢ ᠰᠢᠨᠵᠢᠶᠠᠩ ᠢᠯᠢ ᠶᠢᠨ ︽ᠢᠮᠠᠭ᠎ᠠ ᠪᠤᠯᠢᠶᠠᠯᠳᠤᠬᠤ︾ ᠵᠡᠷᠭᠡ ᠮᠤᠷᠢᠨ ᠮᠡᠷᠭᠡᠵᠢᠯ ᠤᠨ ᠦᠵᠡᠭᠦᠯᠦᠯᠭᠡ ᠨᠢ ᠦᠵᠡᠭᠴᠢ ᠤᠯᠠᠠ ᠤ ᠪᠠᠭ᠋ᠠᠷᠬᠠᠯ ᠢ ᠲᠠᠳᠠᠵᠤ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠮᠤᠷᠢᠳᠦ ᠤᠷᠤᠯᠳᠤᠭᠠᠨ ᠤ ᠠᠩᠭᠢ ᠨᠢ ᠵᠢᠬᠰᠠᠭᠠᠯ ᠳᠤ ᠤᠷᠤᠬᠤ ᠳᠠᠭᠠᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠬᠰᠠᠨ ᠵᠤᠴᠢᠳ ᠲᠤ ᠴᠠᠭᠠᠨ ᠢᠳᠡᠭᠡᠨ ᠤ ᠲᠡᠭᠡᠵᠢ ᠪᠠᠨ ᠠᠮᠰᠠᠭᠤᠯᠤᠨ᠂ ᠶᠤᠰᠤᠯᠠᠯ ᠳᠤ ᠤᠷᠤᠯᠴᠠᠬᠰᠠᠳ ᠤᠨ ᠭᠦᠨᠳᠦᠳᠭᠡᠯ ᠢ ᠤᠯᠤᠬᠰᠠᠨ ᠪᠠᠶᠢᠨ᠎ᠠ᠃ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠮᠤᠷᠢᠳᠦ ᠤᠷᠤᠯᠳᠤᠭᠠᠨ ᠤ ᠠᠩᠭᠢ ᠶᠢᠨ ᠮᠠᠩᠯᠠᠢ ᠪᠠᠭᠠᠳᠤᠷ᠂ ᠣᠳᠬᠠᠡᠪᠢᠯᠢᠭ᠂ ᠪᠦᠷᠢᠨᠪᠢᠯᠢᠭ᠂ ᠰᠤᠶᠤᠯᠪᠠᠭᠠᠳᠤᠷ ᠵᠡᠷᠭᠡ ᠲᠠᠪᠤᠨ ᠤᠶᠠᠭᠠᠴᠢ᠂ ᠬᠠᠳᠠ᠂ ᠰᠤᠳᠦ᠂ ᠪᠦᠭᠡᠴᠢᠯᠠᠭᠤ᠂ ᠭᠦᠰᠡᠯᠵᠢᠷᠭᠠᠯ ᠵᠡᠷᠭᠡ ᠤᠨᠤᠭᠠᠴᠢ ᠨᠠᠷ ᠤᠷᠣᠯᠴᠠᠵᠤ᠂ ᠮᠠᠨ ᠤ ᠠᠶᠢᠮᠠᠬ ᠤᠨ ᠣᠷᠣᠯᠳᠣᠭᠠᠨ ᠮᠣᠷᠢᠳ ᠪᠤᠯᠤᠨ ᠪᠡᠭᠡᠵᠢᠩ᠂ ᠰᠢᠨᠵᠢᠶᠠᠩ ᠂ ᠯᠢᠶᠤᠤᠨᠢᠩ᠂ ᠱᠠᠨᠰᠢ ᠵᠡᠷᠭᠡ ᠭᠠᠵᠠᠷ ᠤᠷᠤᠨ ᠠᠴᠠ ᠢᠷᠡᠭᠰᠡᠨ 81 ᠮᠤᠷᠢ ᠤᠷᠤᠯᠳᠤᠭᠠᠨ ᠳᠤ ᠣᠷᠣᠯᠴᠠᠵᠥ᠂ 26. 5 ᠺᠢᠯᠤᠮᠧᠲᠷ ᠤᠨ ᠤᠷᠤᠯᠳᠤᠭᠠᠨ ᠤ ᠵᠠᠮ ᠱᠤᠭᠤᠮ ᠢ ᠲᠤᠭᠤᠷᠢᠨ ᠭᠦᠶᠦᠵᠤ᠂ ᠪᠠᠷᠠᠭᠤᠨ ᠥᠵᠥᠮᠥᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠪᠦᠷᠢᠨᠪᠢᠯᠢᠭ ᠤᠨ ᠮᠤᠷᠢ ᠭᠤᠷᠪᠠᠳᠤᠭᠠᠷ ᠲᠤ᠂ ᠣᠯᠠᠭᠠᠠᠬᠠᠭᠠᠯᠭ᠎ᠠ ᠰᠤᠮᠤᠨ ᠤ ᠪᠠᠭᠠᠳᠤᠷ ᠤᠨ ᠮᠤᠷᠢ ᠲᠠᠪᠤᠳᠤᠭᠠᠷ ᠲᠤ᠂ ᠵᠢᠷ ᠤᠨ ᠭᠤᠤᠯ ᠪᠠᠯᠭᠠᠰᠤᠨ ᠤ ᠤᠳᠬᠠᠠᠪᠢᠯᠢᠭ᠌ ᠤᠨ ᠮᠤᠷᠢ ᠠᠷᠪᠠᠨ ᠲᠦᠷᠪᠡᠳᠦᠭᠡᠷ ᠲᠤ᠂ ᠣᠯᠠᠭᠠᠠᠬᠠᠭᠠᠯᠭ᠎ᠠ ᠰᠤᠮᠤᠨ ᠤ ᠮᠠᠩᠯᠠᠢ ᠶᠢᠨ ᠮᠤᠷᠢ ᠠᠷᠪᠠᠨ ᠲᠠᠪᠤᠳᠤᠭᠠᠷ ᠲᠤ ᠤᠷᠤᠵᠥ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠮᠤᠷᠢᠳᠤ ᠤᠷᠤᠯᠳᠤᠭᠠᠨ ᠤ ᠠᠩᠬᠢ ᠶᠡᠷᠦᠩᠭᠡᠢ ᠭᠢᠷᠢ ᠪᠦᠳᠦᠮᠵᠢ ᠪᠠᠷ ᠢᠶᠠᠨ ᠲᠡᠷᠢᠭᠦᠯᠡᠭᠰᠡᠨ ᠪᠠᠶᠢᠨ᠎ᠠ᠃  
 
ᠢᠷᠡᠯᠲᠡ᠄ ᠰᠢᠯᠢ ᠶᠢᠨ ᠭᠤᠤᠯ ᠤᠨ ᠡᠳᠤᠷ ᠤᠨ ᠰᠤᠨᠢᠨ ᠤ ᠰᠤᠶᠤᠯ ᠭᠠᠷᠠᠭ ᠤᠨ ᠬᠡᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号