ᠡᠨᠡ ᠵᠢᠯ ᠮᠠᠨ ᠤ ᠠᠶᠢᠮᠠᠭ 75 ᠳᠦᠮᠡᠨ ᠦᠭᠡᠷ ᠤᠨ ᠡᠬᠦᠯᠳᠡᠷ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2017/4/6
    ᠮᠠᠨ ᠤ ᠠᠶᠢᠮᠠᠭ ᠪᠦᠬᠦ ᠣᠯᠣᠰ ᠤᠨ ᠭᠤᠤᠯᠳᠠᠯᠭ᠎ᠠ ᠲᠠᠢ ᠪᠣᠬᠢᠷᠳᠣᠯ ᠦᠭᠡᠢ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠢ ᠦᠢᠯᠡᠳᠪᠦᠷᠢᠯᠡᠵᠤ ᠡᠳ᠋ᠰᠢᠭᠦᠯᠦᠨ ᠪᠤᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠢ ᠪᠠᠶᠢᠭᠤᠯᠬᠤ ᠪᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠳᠠ ᠪᠣᠯᠭᠠᠵᠤ᠂ ᠮᠠᠯ ᠠᠵᠤ ᠠᠬᠤᠢ ᠶᠢᠨ ᠪᠦᠲᠦᠴᠡ ᠶᠢ ᠶᠡᠭᠡ ᠬᠦᠴᠤᠨ ᠢᠶᠠᠷ ᠲᠤᠬᠢᠷᠠᠭᠤᠯᠵᠤ᠂ ᠰᠢᠯᠢᠳᠡᠭ ᠡᠬᠦᠯᠳᠡᠷ ᠤᠨ ᠦᠬᠡᠷ ᠮᠠᠯᠵᠢᠬᠤ ᠬᠡᠪᠴᠢᠶ᠎ᠠ ᠪᠠᠨ ᠥᠷᠭᠡᠳᠬᠡᠵᠦ᠂ ᠰᠢᠯᠢᠳᠡᠭ ᠡᠭᠦᠯᠳᠡᠷ ᠤᠨ ᠦᠬᠡᠷ ᠢ ᠲᠡᠵᠢᠭᠡᠨ ᠥᠷᠡᠵᠢᠭᠦᠯᠬᠦ ᠰᠠᠭᠤᠷᠢᠨ ᠢ ᠬᠥᠭᠵᠢᠭᠦᠯᠵᠦ᠂ ᠦᠭᠡᠷ ᠤᠨ ᠡᠭᠦᠯᠳᠡᠷ ᠰᠠᠶᠢᠵᠢᠷᠠᠭᠤᠯᠬᠤ ‍ᠦᠷ᠎ᠠ ᠪᠦᠳᠤᠮᠵᠢ ᠪᠠᠨ ᠦᠷᠭᠦᠯᠵᠢᠯᠡᠨ ᠪᠠᠳᠤᠳᠬᠠᠵᠤ᠂ ᠡᠨᠡ ᠵᠢᠯ 75 ᠲᠥᠮᠡᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠪᠤᠯᠤᠨ᠎ᠠ᠃       ᠡᠬᠦᠯᠳᠡᠷ ᠰᠠᠶᠢᠵᠢᠷᠠᠭᠤᠯᠬᠤ ᠳᠠᠭᠠᠨ᠂ ᠮᠡᠷᠭᠡᠵᠢᠯ ᠤᠨ ᠦᠢᠯᠡᠴᠢᠯᠡᠭᠡ ᠶᠢᠨ ᠡᠷᠴᠢᠮ ᠢᠶᠠᠨ ᠴᠢᠩᠭᠠᠷᠠᠭᠤᠯᠵᠥ᠂ ᠰᠢᠯᠢᠳᠡᠭ ᠡᠭᠦᠯᠳᠡᠷ ᠤᠨ ᠦᠬᠡᠷ ᠢ ᠳᠡᠵᠢᠭᠡᠨ ᠥᠷᠡᠵᠢᠭᠦᠯᠬᠦ ᠰᠠᠭᠤᠷᠢᠨ ᠪᠠ ᠭᠤᠤᠯᠳᠠᠯᠭ᠎ᠠ ᠲᠠᠢ ᠰᠦᠷᠦᠭ ᠤᠨ ᠪᠠᠶᠢᠭᠤᠯᠤᠯᠲᠠ ᠶᠢ ᠲᠦᠷᠢᠮᠵᠢᠬᠦᠯᠦᠨ᠎ᠠ᠃ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠮᠡᠷᠭᠡᠵᠢᠯ ᠤᠨ ᠦᠢᠯᠡᠴᠢᠯᠡᠭᠡ᠂ ᠮᠡᠷᠭᠡᠵᠢᠯ ᠪᠣᠯᠪᠠᠰᠣᠷᠠᠯ ᠤᠨ ᠡᠷᠴᠢᠮ ᠢᠶᠠᠨ ᠴᠢᠩᠭᠠᠷᠠᠭᠤᠯᠵᠦ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠬᠤᠷᠰᠢᠶᠠᠵᠢᠯ᠂ ᠮᠠᠯᠴᠢᠨ ᠡᠷᠤᠬᠡ ᠶᠢ ᠬᠠᠪᠰᠣᠷᠴᠣ ᠡᠭᠦᠯᠳᠡᠷ ᠰᠠᠶᠢᠵᠢᠷᠠᠭᠤᠯᠬᠤ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠤ᠂ ᠬᠢᠷᠢ ᠲᠡᠩᠴᠡᠭᠰᠡᠨ ᠰᠠᠶᠢᠨ ᠡᠭᠦᠯᠳᠡᠷ ᠤᠨ ᠪᠤᠬ᠎ᠠ ᠶᠢ ᠪᠤᠶᠢᠵᠢᠭᠤᠯᠵᠦ᠂ ᠳᠣᠮᠳᠠᠳᠣ ᠣᠯᠣᠰ ᠤᠨ ᠰᠢᠮᠧᠨ᠋ᠲ᠋ᠠᠷ ᠦᠭᠡᠷ ᠤᠨ ᠰᠢᠯᠢ ᠶᠢᠨ ᠭᠤᠣᠯ ᠤᠨ ᠡᠬᠦᠯᠳᠡᠷ ᠤᠨ ᠰᠢᠰᠲ᠋ᠧᠮ ᠢ ᠪᠠᠶᠢᠭᠤᠯᠬᠤ ᠳᠤ ᠰᠠᠭᠤᠷᠢ ᠲᠠᠯᠪᠢᠨ᠎ᠠ᠃ ᠡᠬᠡ ᠮᠠᠯ ᠤᠨ ᠡᠭᠦᠯᠳᠡᠷ ᠰᠠᠶᠢᠵᠢᠷᠠᠭᠤᠯᠤᠯᠳᠠ ᠶᠢ ᠪᠡᠶᠡᠯᠡᠭᠦᠯᠵᠤ᠂ ᠺᠠᠨᠠᠳᠠ ᠶᠢᠨ ᠰᠢᠮᠧᠨ᠋ᠲ᠋ᠠᠷ ᠦᠨᠢᠶ᠎ᠠ ᠶᠢᠨ ᠢᠴᠡᠭᠡᠯ ᠦᠷ᠎ᠠ ᠪᠠᠷ ᠬᠡᠬᠡᠯᠳᠦᠭᠦᠯᠭᠡ ᠬᠢᠵᠤ᠂ ᠦᠷᠡᠵᠢᠯᠳᠡ ᠪᠤᠶᠢᠵᠢᠯᠳᠠ ᠶᠢᠨ ᠨᠤᠷᠮ᠎ᠠ ᠶᠢ 85%᠎ ᠠᠴᠠ ᠲᠠᠪᠠᠭᠤᠯᠤᠨ᠎ᠠ᠃       ᠡᠭᠦᠨ ᠤ ᠬᠠᠮᠲᠤ ᠡᠬᠡ ᠮᠠᠯ ᠢ ᠳᠡᠵᠢᠭᠡᠵᠤ ᠠᠷᠠᠴᠢᠯᠠᠬᠤ ᠶᠢ ᠠᠩᠬᠠᠷᠴᠤ᠂ ᠬᠡᠬᠡᠯ ᠲᠤᠭᠳᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠪᠦᠯ ᠬᠠᠪᠤᠷ ᠪᠤᠷᠳᠤᠭ᠎ᠠ ᠨᠦᠬᠦᠵᠤ᠂ ᠦᠨᠢᠶ᠎ᠡ ᠶᠢᠨ ᠲᠠᠷᠭᠤ ᠶᠢ ᠪᠠᠳᠤᠯᠠᠨ᠎ᠠ᠃ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠮᠠᠯᠵᠢᠬᠤ ᠣᠷᠣᠨ ᠤ ᠡᠬᠡ ᠮᠠᠯ ᠠᠷᠠᠴᠢᠯᠠᠨ ᠮᠠᠯᠵᠢᠬᠤ 100 ᠵᠢᠱᠢᠶ᠎ᠠ ᠦᠵᠡᠬᠦᠯᠬᠦ ᠡᠷᠦᠬᠡ᠂ ᠲᠠᠷᠢᠶᠠᠯᠠᠬᠤ ᠣᠷᠣᠨ ᠤ 500 ᠵᠢᠱᠢᠶ᠎ᠡ ᠦᠵᠡᠭᠦᠯᠬᠦ ᠡᠷᠦᠬᠡ ᠶᠢᠨ ᠠᠵᠢᠯ ᠢ ᠴᠢᠩᠭ᠎ᠠ ᠠᠳᠬᠤᠵᠦ᠂ ᠦᠬᠡᠷ ᠤᠨ ᠥᠷᠡᠵᠢᠯᠲᠡ ᠪᠤᠶᠢᠵᠢᠯᠳᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠣᠬᠠᠭᠠᠨ ᠮᠡᠷᠭᠡᠵᠢᠯ ᠤᠨ ᠪᠣᠯᠪᠠᠰᠣᠷᠠᠯ ᠬᠦᠷᠳᠡᠭᠡᠬᠦ᠂ ᠰᠢᠯᠢᠳᠡᠭ ᠡᠭᠦᠯᠳᠡᠷ ᠤᠨ ᠡᠬᠡ ᠮᠠᠯ ᠢ ᠳᠡᠵᠢᠭᠡᠨ ᠠᠷᠠᠴᠢᠯᠠᠬᠤ ᠨᠦᠬᠦᠪᠦᠷᠢ ᠮᠦᠡᠭᠭᠦ ᠳᠠᠷᠬᠠᠭᠠᠬᠤ ᠵᠡᠷᠭᠡ ᠪᠠᠷ ᠳᠠᠮᠵᠢᠭᠤᠯᠵᠤ᠂ ᠮᠠᠯᠴᠢᠨ ᠲᠠᠷᠢᠶᠠᠴᠢᠨ ᠤ ᠡᠬᠡ ᠮᠠᠯ ᠢ ᠳᠡᠵᠢᠭᠡᠨ ᠠᠷᠠᠴᠢᠯᠠᠬᠤ ᠬᠢᠷᠢ ᠲᠦᠪᠰᠢᠨ ᠢ ᠲᠡᠭᠡᠭᠰᠢᠯᠡᠬᠦᠯᠤᠨ᠎ᠠ᠃       ᠰᠢᠯᠢᠳᠡᠭ ᠡᠭᠦᠯᠳᠡᠷ ᠤᠨ ᠦᠬᠡᠷ ᠢ ᠳᠡᠵᠢᠭᠡᠨ ᠦᠷᠡᠵᠢᠬᠦᠯᠬᠦ ᠰᠠᠭᠤᠷᠢᠨ ᠪᠠ ᠭᠤᠤᠯᠳᠠᠯᠭ᠎ᠠ ᠲᠠᠢ ᠰᠦᠷᠦᠭ ᠤᠨ ᠪᠠᠶᠢᠭᠤᠯᠤᠯᠲᠠ ᠲᠠᠢ ᠣᠶᠠᠯᠳᠣᠭᠤᠯᠵᠣ᠂ ᠰᠢᠯᠢᠳᠡᠭ ᠡᠭᠦᠯᠳᠡᠷ ᠤᠨ ᠦᠬᠡᠷ 5 ᠲᠥᠮᠡ ᠶᠢ ᠣᠷᠣᠭᠤᠯᠵᠣ᠂ ᠡᠬᠦᠯᠳᠡᠷ ᠤᠨ ᠪᠤᠬ᠎ᠠ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠰᠢᠯᠢᠳᠡᠭ ᠡᠭᠦᠯᠳᠡᠷ ᠤᠨ ᠦᠬᠡᠷ ᠢ ᠳᠡᠵᠢᠭᠡᠨ ᠥᠷᠡᠵᠢᠭᠦᠯᠬᠦ ᠰᠠᠭᠤᠷᠢᠨ ᠪᠠ ᠭᠤᠣᠯᠳᠠᠯᠭ᠎ᠠ ᠲᠠᠢ ᠰᠦᠷᠦᠭ ᠤᠨ ᠪᠠᠶᠢᠭᠤᠯᠤᠯᠲᠠ ᠶᠢᠨ ᠲᠤᠳᠤᠷᠠᠬᠢ ᠬᠢᠨᠠᠨ ᠳᠤᠬᠳᠠᠭᠠᠯ ᠳᠤ ᠬᠢᠷᠢ ᠳᠡᠩᠴᠡᠭᠰᠡᠨ ᠡᠬᠦᠯᠳᠡᠷ ᠰᠠᠶᠢᠵᠢᠷᠠᠭᠤᠯᠤᠬᠰᠠᠨ ᠭᠤᠷᠪᠠᠨ ᠦᠶ᠎ᠡ ᠠᠴᠠ ᠳᠡᠭᠡᠭᠰᠢᠬᠢ ᠰᠢᠮᠧᠨ᠋ᠲ᠋ᠠᠷ ᠪᠤᠬ᠎ᠠ ᠶᠢ ᠲᠦᠪᠯᠡᠷᠡᠭᠦᠯᠦᠨ ᠬᠠᠮᠢᠶᠠᠷᠤᠨ᠎ᠠ᠃ ᠡᠵᠡᠩᠨᠡᠨ ᠬᠠᠮᠢᠶᠠᠷᠬᠤ ᠲᠠᠯ᠎ᠠ ᠪᠠᠷ ᠮᠠᠨ ᠤ ᠠᠶᠢᠮᠠᠭ ᠤᠨ ᠬᠤᠴᠠ ᠶᠢ ᠲᠦᠪᠯᠡᠷᠡᠭᠦᠯᠦᠨ ᠬᠠᠮᠢᠶᠠᠷᠬᠤ ᠵᠠᠭᠪᠤᠷ ᠢᠶᠠᠷ ᠲᠤᠯᠢ ᠪᠤᠯᠭᠠᠵᠦ᠂ ᠬᠤᠷᠰᠢᠶᠠᠵᠢᠯ᠂ ᠲᠤᠰᠬᠠᠢᠢᠵᠢᠭᠰᠠᠨ ᠡᠷᠦᠬᠡ ᠪᠤᠬ᠎ᠠ ᠶᠢ ᠪᠦᠢᠵᠢᠭᠤᠯᠤᠨ ᠬᠠᠮᠢᠶᠠᠷᠬᠤ ᠰᠠᠭᠤᠷᠢᠨ ᠪᠠᠶᠢᠭᠤᠯᠬᠤ ᠶᠢ ᠵᠤᠷᠢᠬᠵᠢᠭᠤᠯᠤᠨ᠎ᠠ᠃ ᠦᠬᠡᠷ ᠪᠤᠷᠳᠤᠬᠤ ᠦᠢᠯᠡᠰ ᠢ ᠲᠦᠷᠦ ᠶᠢᠨ ᠪᠤᠳᠤᠯᠭ᠎ᠠ ᠪᠠᠷ ᠳᠡᠳᠬᠦᠬᠦ ᠪᠠᠨ ᠴᠢᠩᠭᠠᠳᠬᠠᠵᠦ᠂ ᠠᠵᠤ ᠠᠬᠤᠢᠢᠯᠠᠯ ᠪᠠ ᠮᠠᠯᠴᠢᠨ ᠳᠠᠷᠢᠶᠠᠴᠢᠨ ᠡᠷᠤᠬᠡ ᠦᠬᠡᠷ ᠪᠤᠷᠳᠤᠬᠤ ᠦᠢᠯᠡᠰ ᠡᠷᠬᠢᠯᠡᠬᠦ ᠶᠢ ᠵᠤᠷᠢᠬᠵᠢᠭᠤᠯᠬᠤ ᠪᠠ ᠬᠦᠳᠤᠯᠤᠨ ᠵᠢᠯᠦᠭᠤᠳᠤᠨ᠎ᠠ᠃ ᠮᠠᠯᠴᠢᠨ ᠳᠠᠷᠢᠶᠠᠴᠢᠨ ᠡᠷᠦᠭᠡ ᠶᠢᠨ ᠭᠡᠷ ᠪᠦᠯᠢ ᠶᠢᠨ ᠪᠤᠷᠳᠤᠬᠤ ᠵᠠᠭᠪᠤᠷ ᠢ ᠲᠡᠯᠭᠡᠷᠡᠬᠦᠯᠵᠦ ᠂ ᠠᠵᠤ ᠠᠬᠤᠢᠢᠯᠠᠯ ᠢᠶᠠᠷ ᠮᠠᠯᠴᠢᠨ ᠳᠠᠷᠢᠶᠠᠴᠢᠨ ᠡᠷᠤᠬᠡ ᠶᠢᠨ ᠭᠡᠷ ᠪᠦᠯᠢ ᠶᠢᠨ ᠪᠤᠷᠳᠤᠬᠤ ᠭᠡᠯᠪᠡᠷᠢ ᠶᠢ ᠲᠠᠭᠠᠭᠤᠯᠠᠭᠤᠯᠵᠦ᠂ ᠭᠡᠪᠴᠢᠶᠡᠵᠢᠭᠰᠡᠨ ᠦᠭᠡᠷ ᠪᠤᠷᠳᠤᠬᠤ ᠰᠠᠭᠤᠷᠢᠨ ᠢ ᠢᠳᠡᠭ ᠢᠳᠡᠭ ᠢᠶᠠᠷ ᠪᠠᠶᠢᠭᠤᠯᠵᠦ᠂ ᠮᠠᠯᠴᠢᠨ ᠳᠠᠷᠢᠶᠠᠴᠢᠨ ᠤ ᠤᠷᠤᠯᠭ᠎ᠠ ᠶᠢᠨ ᠰᠢᠨ᠎ᠠ ᠨᠡᠮᠡᠭᠳᠡᠯ ᠴᠢᠭ ᠪᠤᠯᠭᠠᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号