ᠣᠯᠢᠶᠠᠰᠣᠳᠠᠢ ᠪᠠᠯᠭᠠᠰᠣᠨ ᠤ ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ︾ ᠠᠵᠢᠯ ᠤᠨ ᠰᠢᠨ᠎ᠡ ᠬᠡᠪ ᠪᠠᠶᠢᠳᠠᠯ ᠨᠢ ᠪᠦᠬᠦ ᠠᠶᠢᠮᠠᠭ ᠤᠨ ᠵᠢᠱᠢᠶᠡᠴᠢ ᠬᠡᠪ ᠲᠠᠭᠤᠷᠢᠶᠠᠯ ᠪᠣᠯᠪᠠ
ᠨᠡᠶᠢᠲᠡᠯᠡᠭᠰᠡᠨ ᠴᠠᠭ᠄
2017/4/6
    ᠵᠡᠬᠦᠨ ᠦᠵᠦᠮᠦᠴᠢᠨ ᠬᠤᠰᠢᠭᠤᠨ ᠤ ᠣᠯᠢᠶᠠᠰᠣᠳᠠᠢ ᠪᠠᠯᠭᠠᠰᠣ ᠨᠢ 9 ᠭᠠᠴᠠᠭ᠎ᠠ 7 ᠨᠡᠶᠢᠬᠡᠮ ᠲᠣᠭᠤᠷᠢᠭ ᠢᠶᠠᠷ ᠪᠦᠷᠢᠯᠳᠣᠵᠣ᠂ ᠪᠦᠬᠦ ᠪᠠᠯᠭᠠᠰᠣᠨ ᠤ ᠨᠣᠳᠤᠭ ᠲᠡᠪᠢᠰᠭᠡᠷ ᠤᠨ ᠲᠠᠯᠠᠪᠠᠢ 686 ᠲᠦᠮᠡᠨ ᠮᠦ ᠪᠠᠶᠢᠵᠣ᠂ ᠨᠡᠶᠢᠳᠡ 17637 ᠡᠷᠦᠬᠡ᠂ 41874 ᠬᠦᠮᠦᠨ ᠠᠮᠠ ᠲᠠᠢ ᠬᠤᠰᠢᠭᠤᠨ ᠲᠦᠪ ᠪᠠᠯᠭᠠᠰᠣ ᠪᠣᠯᠣᠨ᠎ᠠ᠃ ᠣᠶᠢᠷ᠎ᠠ ᠶᠢᠨ ᠵᠢᠯ᠂ ᠪᠠᠯᠭᠠᠰᠣᠨ ᠤ ᠨᠠᠮ ᠤᠨ ᠬᠤᠷᠢᠶ᠎ᠠ ᠨᠢ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠠᠵᠢᠯ ᠢ ᠴᠢᠩᠭ᠎ᠠ ᠠᠳᠬᠤᠨ᠂ ᠪᠣᠳᠠᠳᠠᠢ ᠲᠠᠢ ᠪᠠᠨ ᠣᠶᠠᠯᠳᠣᠭᠤᠯᠣᠨ ᠠᠵᠢᠯ ᠤᠨ ᠰᠢᠨ᠎ᠡ ᠠᠷᠭ᠎ᠠ ᠠᠪᠴᠠᠯ ᠢ ᠡᠷᠢᠯᠬᠢᠯᠡᠭᠰᠡᠭᠡᠷ ᠢᠷᠡᠵᠠᠢ᠃ ᠡᠬᠦᠨ ᠳᠤ᠂ 2015 ᠣᠨ ᠠᠴᠠ ᠡᠬᠢᠯᠠᠨ ᠭᠠᠴᠠᠭ᠎ᠠ ᠪᠣᠯᠣᠨ ᠨᠡᠶᠢᠬᠡᠮ ᠲᠣᠭᠤᠷᠢᠭ ᠤᠨ ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ︾ ᠠᠵᠢᠯ ᠤᠨ ᠰᠢᠨ᠎ᠡ ᠬᠡᠯᠪᠡᠷᠢ ᠮᠠᠶ᠋ᠢᠭ ᠢ ᠦᠷᠨᠢᠬᠦᠨ ᠬᠡᠷᠡᠭᠯᠡᠨ᠂ ᠪᠦᠬᠦ ᠠᠶᠢᠮᠠᠭ ᠤᠨ ᠦᠨᠳᠦᠰᠦᠨ ᠱᠠᠳᠣᠨ ᠤ ᠨᠠᠮ ᠤᠨ ᠪᠠᠶᠢᠭᠤᠯᠣᠯᠳᠠ ᠶᠢᠨ ᠠᠵᠢᠯ ᠤᠨ ᠰᠢᠨ᠎ᠡ ᠨᠢᠬᠡᠨ ᠡᠬᠦᠳᠦᠯᠳᠡ ᠶᠢ ᠡᠬᠦᠳᠴᠣ᠂ 2016 ᠣᠨ ᠳᠤ ᠪᠦᠬᠦ ᠠᠶᠢᠮᠠᠭ ᠤᠨ ᠵᠢᠱᠢᠶᠡᠴᠢ ᠬᠡᠪ ᠲᠠᠭᠤᠷᠢᠶᠠᠯ ᠪᠣᠯᠣᠭᠰᠠᠨ ᠢᠶᠠᠷ ᠪᠠᠷᠠᠬᠤ ᠦᠬᠡᠢ᠂ 2017 ᠣᠨ ᠤ ᠪᠣᠰᠣᠳ ᠬᠤᠰᠢᠭᠤ ᠰᠢᠶᠠᠨ ᠤ ᠲᠡᠭᠤᠷᠢᠶᠠᠨ ᠦᠷᠨᠢᠬᠦᠯᠬᠦ ᠠᠵᠢᠯ ᠤᠨ ᠬᠢᠯᠠᠰ ᠴᠢᠭ ᠪᠣᠯᠣᠭᠰᠠᠨ ᠪᠠᠶᠢᠨ᠎ᠠ᠃        ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ︾ ᠬᠡᠳᠡᠭ ᠨᠢ ᠨᠢᠬᠡ ᠨᠡᠶᠢᠬᠡᠮ ᠲᠣᠭᠤᠷᠢᠭ ᠢ ᠲᠣᠰ ᠪᠦᠷᠢ ᠨᠢᠬᠡ ᠭᠠᠴᠠᠭ᠎ᠠ ᠲᠠᠢ ᠬᠠᠷᠢᠯᠴᠠᠨ ᠬᠤᠯᠪᠣᠭᠠᠯᠠᠨ᠂ ᠨᠡᠶᠢᠬᠡᠮ ᠲᠣᠭᠤᠷᠢᠭ ᠬᠢᠬᠡᠳ ᠭᠠᠴᠠᠭᠠᠨ ᠤ ᠵᠦᠪᠯᠡᠯ ᠤᠨ ᠬᠢᠨ ᠬᠠᠮᠳᠣᠷᠠᠯᠴᠠᠨ ᠡᠯ᠎ᠡ ᠲᠦᠷᠦᠯ ᠤᠨ ᠬᠤᠷᠠᠯ ᠰᠣᠷᠣᠯᠴᠠᠯᠭ᠎ᠠ᠂ ᠣᠷᠣᠯᠳᠣᠭᠠᠨ ᠲᠡᠮᠡᠴᠡᠬᠡᠨ ᠤ ᠠᠵᠢᠯᠯᠠᠭ᠎ᠠ ᠦᠷᠨᠢᠬᠦᠯᠬᠦ ᠪᠣᠶᠣ ᠰᠠᠭᠤᠭᠠᠯᠢ ᠠᠷᠠᠳ ᠬᠢᠬᠡᠳ ᠮᠠᠯᠴᠢᠨ ᠲᠦᠮᠡᠨ ᠳᠤ ᠬᠠᠷᠢᠯᠴᠠᠨ ᠦᠢᠯᠡᠴᠢᠯᠡᠭᠡ ᠬᠠᠩᠭᠠᠬᠤ ᠨᠠᠮ ᠤᠨ ᠵᠣᠬᠢᠶᠠᠨ ᠪᠠᠶᠢᠭᠤᠯᠣᠯᠳᠠ ᠶᠢᠨ ᠠᠵᠢᠯ ᠤᠨ ᠰᠢᠨ᠎ᠡ ᠬᠡᠯᠪᠡᠷᠢ ᠮᠠᠶ᠋ᠢᠭ ᠪᠣᠯᠣᠨ᠎ᠠ᠃       ᠬᠤᠶᠠᠷ ᠵᠢᠯ ᠭᠠᠷᠦᠢ ᠶᠢᠨ ᠲᠣᠷᠰᠢᠳᠠ᠂ ᠣᠯᠢᠶᠠᠰᠣᠳᠠᠢ ᠪᠠᠯᠭᠠᠰᠣ ᠨᠢ ᠣᠷᠢᠳ ᠬᠤᠵᠢᠳ 58 ᠣᠳᠠᠭᠠᠨ ᠤ ᠡᠯ᠎ᠡ ᠲᠦᠷᠦᠯ ᠤᠨ ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ︾ ᠰᠢᠷᠢᠰ ᠠᠵᠢᠯᠯᠠᠭ᠎ᠠ ᠦᠷᠨᠢᠬᠦᠯᠵᠣ᠂ ᠠᠬᠤᠢ ᠲᠠᠯᠠᠪᠣᠷ ᠲᠤ ᠬᠠᠣᠯᠢ ᠴᠠᠭᠠᠵᠠ᠂ ᠬᠤᠷᠰᠢᠭᠰᠠᠨ ᠡᠮᠨᠡᠯᠬᠡ᠂ ᠨᠠᠰᠣᠵᠢᠯ ᠤᠨ ᠲᠠᠭᠠᠳᠬᠠᠯ᠂ ᠲᠦᠯᠦᠪᠯᠡᠬᠡᠳᠣ ᠦᠷᠡᠵᠢᠯ᠂ ᠡᠷᠡᠬᠦᠯ ᠬᠠᠮᠠᠭᠠᠯᠠᠯ ᠵᠡᠷᠭᠡ ᠡᠯ᠎ᠡ ᠲᠦᠷᠦᠯ ᠤᠨ ᠦᠢᠯᠡᠴᠢᠯᠡᠭᠡ ᠬᠠᠩᠭᠠᠭᠰᠠᠨ ᠮᠦᠷᠳᠡᠭᠡᠨ ᠱᠠᠭ᠎ᠠ ᠬᠠᠶᠠᠬᠤ᠂ ᠲᠡᠭᠡᠰᠣ ᠳᠠᠲᠠᠬᠤ᠂ ᠰᠢᠳᠠᠷ᠎ᠠ ᠮᠦᠷᠦ᠋ᠢᠴᠡᠬᠦ᠂ ᠬᠦᠴᠦᠨ ᠵᠠᠯᠭᠠᠵᠣ ᠬᠦᠶᠦᠬᠦ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠣᠷᠣᠯᠳᠣᠭᠠᠨ ᠲᠡᠮᠡᠴᠡᠬᠡᠨ ᠦᠷᠨᠢᠬᠦᠯᠬᠦ ᠪᠠᠷ ᠲᠠᠮᠵᠢᠨ᠂ ᠨᠡᠶᠢᠬᠡᠮ ᠲᠣᠭᠤᠷᠢᠭ ᠤᠨ ᠰᠠᠭᠤᠭᠠᠯᠢ ᠠᠷᠠᠳ ᠬᠢᠬᠡᠳ ᠭᠠᠴᠠᠭᠠᠨ ᠤ ᠮᠠᠯᠴᠢᠨ ᠲᠦᠮᠡᠨ ᠳᠤ ᠬᠠᠷᠢᠯᠴᠠᠨ ᠣᠶᠢᠯᠠᠭᠠᠯᠴᠠᠨ ᠬᠠᠷᠢᠯᠴᠠᠨ ᠬᠠᠪᠰᠣᠷᠤᠯᠴᠠᠬᠤ ᠰᠢᠨ᠎ᠡ ᠲᠠᠪᠴᠠᠩ ᠢ ᠪᠣᠢ ᠪᠣᠯᠭᠠᠨ᠂ ᠨᠡᠶᠢᠳᠡ 2800 ᠭᠠᠷᠦᠢ ᠬᠦᠮᠦᠨ ᠣᠳᠠᠭ᠎ᠠ ᠳᠤ ᠠᠰᠢᠭ ᠬᠦᠷᠳᠡᠭᠡᠭᠰᠡᠨ ᠪᠠᠶᠢᠨ᠎ᠠ᠃ ᠨᠢᠳᠦᠨᠣᠨ ᠵᠢᠯ ᠣᠯᠢᠶᠠᠰᠣᠳᠠᠢ ᠪᠠᠯᠭᠠᠰᠣᠨ ᠤ ᠨᠠᠮ ᠵᠠᠰᠠᠭ ᠨᠢ ᠬᠤᠰᠢᠭᠤ ᠣᠯᠠᠭᠠᠨᠮᠦ᠋ᠴᠢᠷ ᠲᠠᠢ ᠬᠠᠷᠢᠯᠴᠠᠨ᠂ ᠡᠯ᠎ᠡ ᠨᠡᠶᠢᠬᠡᠮ ᠲᠣᠭᠤᠷᠢᠭ ᠲᠤ ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ﹀ ᠰᠢᠷᠢᠰ ᠬᠦᠳᠡᠯᠬᠡᠬᠡᠨ ᠵᠢᠴᠢ ᠣᠯᠠᠭᠠᠨᠮᠦ᠋ᠴᠢᠷ ᠤᠨ ᠲᠣᠭᠯᠠᠯᠳᠠ︾ 8 ᠲᠠᠯᠠᠪᠠᠢ ᠦᠷᠨᠢᠬᠦᠯᠵᠣ᠂ ᠣᠯᠠᠨ ᠲᠦᠮᠡᠨ ᠳᠤ ᠪᠠᠨ ᠣᠷᠠᠨ ᠰᠠᠶᠢᠬᠠᠨ ᠤ ᠲᠣᠭᠯᠠᠯᠳᠠ ᠶᠢ ᠰᠣᠨᠢᠷᠬᠠᠭᠤᠯᠣᠭᠰᠠᠨ ᠢᠶᠠᠷ ᠪᠠᠷᠠᠬᠤ ᠦᠬᠡᠢ᠂ ᠰᠠᠭᠤᠭᠠᠯᠢ ᠠᠷᠠᠳ ᠬᠢᠬᠡᠳ ᠮᠠᠯᠴᠢᠨ ᠲᠦᠮᠡᠨ ᠢ ᠣᠷᠣᠯᠴᠠᠭᠤᠯᠤᠨ ᠲᠣᠭᠯᠠᠯᠳᠠ ᠭᠠᠷᠭᠠᠵᠣ᠂ ᠦᠪᠡᠷ ᠦᠪᠡᠷ ᠤᠨ ᠣᠷ᠎ᠠ ᠠᠪᠢᠶᠠᠰ ᠢᠶᠠᠨ ᠭᠠᠶᠢᠬᠠᠭᠤᠯᠣᠨ ᠪᠠᠳᠠᠷᠠᠭᠤᠯᠬᠤ ᠠᠵᠠ ᠲᠣᠬᠢᠶᠠᠯ ᠢ ᠣᠯᠭᠤᠨ᠂ ᠠᠷᠠᠳ ᠣᠯᠠᠨ ᠤ ᠣᠶᠣᠨ ᠰᠠᠨᠠᠭᠠᠨ ᠤ ᠠᠮᠢᠳᠣᠷᠠᠯ ᠢ ᠪᠠᠶᠠᠯᠢᠭᠵᠢᠭᠤᠯᠣᠭᠰᠠᠨ ᠪᠠᠶᠢᠨ᠎ᠠ ᠃       ᠣᠯᠢᠶᠠᠰᠣᠳᠠᠢ ᠪᠠᠯᠭᠠᠰᠣ ᠨᠢ ︽ᠬᠠᠷᠢᠯᠴᠠᠨ ᠬᠠᠮᠵᠢᠯᠴᠠᠨ ᠬᠠᠮᠳᠣᠪᠠᠷ ᠪᠠᠶᠢᠭᠤᠯᠬᠤ︾ ᠠᠵᠢᠯ ᠤᠨ ᠲᠣᠭᠳᠠᠴᠠ ᠶᠢ ᠬᠡᠷᠡᠭᠵᠢᠬᠦᠯᠦᠭᠰᠡᠨ ᠠᠴᠠ ᠨᠠᠭᠠᠰᠢ᠂ ᠭᠠᠴᠠᠭ᠎ᠠ ᠪᠣᠯᠣᠨ ᠨᠡᠶᠢᠬᠡᠮ ᠲᠣᠭᠤᠷᠢᠭ ᠤᠨ ᠬᠢᠨ ᠬᠠᠷᠢᠯᠴᠠᠨ ᠣᠶᠢᠯᠠᠭᠠᠯᠴᠠᠵᠣ᠂ ᠬᠠᠷᠢᠯᠴᠠᠨ ᠲᠣᠰᠠᠯᠠᠯᠴᠠᠬᠤ ᠪᠠᠶᠢᠳᠠᠯ ᠢ ᠡᠬᠦᠳᠴᠣ᠂ ᠨᠡᠶᠢᠬᠡᠮ ᠲᠣᠭᠤᠷᠢᠭ ᠤᠨ ᠰᠠᠶᠢᠨ ᠲᠤᠷᠠᠴᠤᠤᠨ ᠭᠠᠴᠠᠭᠠᠨ ᠤ ᠮᠠᠯᠴᠢᠳ ᠲᠠᠢ ᠬᠠᠮᠵᠢᠯᠴᠠᠨ ᠣᠷᠴᠢᠨ ᠲᠣᠭᠤᠷᠢᠨ ᠤ ᠴᠡᠪᠡᠷᠯᠡᠭᠡ ᠬᠢᠬᠦ᠂ ᠬᠤᠳᠠ ᠣᠷᠣᠭᠰᠠᠨ ᠮᠠᠯᠴᠢᠳ ᠨᠡᠶᠢᠬᠡᠮ ᠲᠣᠭᠤᠷᠢᠭ ᠤᠨ ᠦᠢᠯᠡᠴᠢᠯᠡᠬᠡᠨ ᠤ ᠲᠦᠪ ᠲᠤ ᠬᠦᠷᠴᠣ ᠪᠠᠶ᠎ᠠ ᠪᠣᠯᠪᠠᠰᠣᠷᠠᠭᠤᠯᠣᠨ ᠰᠢᠳᠠᠷ᠎ᠠ ᠨᠠᠭᠠᠳᠬᠤ᠂ ᠰᠠᠭᠤᠭᠠᠯᠢ ᠠᠷᠠᠳ ᠨᠢ ᠬᠦᠳᠡᠭᠡ ᠬᠦᠷᠪᠡᠯ ᠭᠠᠴᠠᠭ᠎ᠠ ᠲᠣᠰᠬᠤᠨ ᠮᠠᠯᠴᠢᠨ ᠡᠷᠦᠬᠡ ᠪᠠᠷ ᠬᠦᠨᠵᠡᠬᠡᠶᠢᠷᠡᠵᠣ ᠮᠠᠯᠵᠢᠬᠤ ᠠᠮᠢᠳᠣᠷᠠᠯ ᠢ ᠣᠶᠢᠯᠠᠭᠠᠬᠤ ᠵᠡᠷᠭᠡ ᠡᠶ᠎ᠡ ᠵᠣᠬᠢᠴᠠᠯᠳᠣ ᠪᠠᠶᠢᠳᠠᠯ ᠢ ᠴᠣᠭᠴᠠᠯᠠᠨ᠂ ᠬᠤᠳᠠ ᠪᠠᠯᠭᠠᠰᠣ ᠪᠠᠷ ᠬᠦᠳᠡᠭᠡ ᠲᠣᠰᠬᠤᠨ ᠢ ᠲᠠᠶᠢᠴᠢᠯᠠᠵᠣ᠂ ᠬᠤᠳᠠ ᠬᠦᠳᠡᠭᠡ ᠬᠠᠷᠢᠯᠴᠠᠨ ᠠᠬᠢᠭᠤᠯᠣᠨ᠂ ᠬᠤᠶᠠᠷ ᠲᠠᠯ᠎ᠠ ᠪᠠᠷ ᠠᠰᠢᠭ ᠬᠦᠷᠳᠡᠵᠣ᠂ ᠬᠠᠮᠳᠣ ᠳᠠᠭᠠᠨ ᠬᠦᠭᠵᠢᠬᠦ ᠰᠢᠨ᠎ᠡ ᠪᠠᠶᠢᠳᠠᠯ ᠢ ᠪᠣᠢ ᠪᠣᠯᠭᠠᠨ ᠠᠷᠠᠳ ᠣᠯᠠᠨ ᠤ ᠲᠠᠭᠠᠰᠢᠶᠠᠯ ᠢ ᠣᠯᠣᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号