ᠬᠠᠪᠤᠷ ᠤᠨ ᠤᠯᠠᠷᠢᠯ ᠳᠠᠬᠢ ᠬᠦᠭᠵᠢᠶᠡᠨᠳᠤ ᠵᠠᠬ᠎ᠠ
ᠨᠡᠶᠢᠲᠡᠯᠡᠭᠰᠡᠨ ᠴᠠᠭ᠄
2017-04-06
    3 ᠳ᠋ᠤᠭᠠᠷ ᠰᠠᠷ᠎ᠠ ᠶᠢᠨ 28᠎ ᠤ ᠡᠳᠤᠷ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠳᠤ ᠪᠠᠶᠢᠷᠢᠯᠡᠵᠤ ᠪᠠᠶᠢᠭ᠎ᠠ ᠡᠵᠢ ᠶᠢᠨ ᠭᠤᠪᠢ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠳᠤ ᠭᠠᠳᠠᠨ᠎ᠠ ᠳᠤᠳᠤᠨ᠎ᠠ ᠶᠢᠨ ᠠᠷᠠᠯᠵᠢᠶᠠᠴᠢᠳ᠂ ᠮᠠᠯ ᠬᠤᠳᠠᠯᠳᠤᠬᠤ ᠪᠠᠷ ᠢᠷᠡᠭᠰᠡᠨ ᠮᠠᠯᠴᠢᠳ ᠴᠤᠬᠯᠠᠷᠠᠨ ᠦᠨ᠎ᠡ ᠬᠠᠨᠭ᠍ᠰᠢ ᠬᠠᠶᠠᠯᠴᠠᠨ ᠮᠠᠯ ᠤᠨ ᠠᠷᠠᠯᠵᠢᠶ᠎ᠠ ᠭᠢᠭᠡᠳ ᠶᠠᠭᠠᠷᠠᠯᠳᠤᠨ᠎ᠠ᠃       ᠡᠵᠢ ᠶᠢᠨ ᠭᠤᠪᠢ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠶᠢ ᠡᠵᠢᠨᠠᠭᠤᠷ ᠪᠠᠯᠭᠠᠰᠤᠨ ᠤ ᠬᠠᠷᠠᠭᠠᠳᠤ ᠭᠠᠴᠠᠭᠠᠨ ᠤ ᠮᠠᠯᠴᠢᠨ ᠵᠠᠯᠠᠭᠤ ᠮᠦᠡᠭᠭᠡᠪᠡᠳᠤ ᠨᠢᠳᠤᠨᠤᠨ ᠨᠡᠭᠡᠭᠡᠭᠰᠡᠨ ᠶᠤᠮ᠃ ᠮᠠᠯ ᠤᠨ ᠦᠨ᠎ᠡ ᠬᠠᠨᠭ᠍ᠰᠢ ᠳᠤᠤᠷ᠎ᠠ᠂ ᠭᠦᠳᠡᠭᠡ ᠨᠤᠳᠤᠭ ᠢᠶᠠᠷ ᠶᠠᠪᠤᠬᠤ ᠮᠠᠯ ᠤᠨ ᠠᠷᠠᠯᠵᠢᠶᠠᠴᠢᠳ ᠴᠦᠭᠡᠨ ᠪᠤᠯᠤᠬᠰᠠᠨ ᠪᠠᠶᠢᠳᠠᠯ ᠳᠤᠤᠷ᠎ᠠ ᠮᠠᠯᠴᠢᠨ ᠮᠦᠡᠭᠭᠡᠪᠡᠳᠤ ᠮᠠᠯ ᠤᠨ ᠰᠤᠯᠢᠯᠴᠠᠭᠠᠨ ᠤ ᠵᠠᠬ᠎ᠠ ᠳᠡᠯᠭᠡᠭᠦᠷ ᠭᠠᠷᠭᠠᠵᠤ᠂ ᠮᠠᠯᠴᠢᠳ ᠲᠤ ᠲᠦᠭᠦᠮ ᠦᠵᠡᠭᠦᠯᠭᠦ ᠶᠢ ᠪᠤᠳᠤᠬᠰᠠᠨ ᠪᠠᠶᠢᠯ᠎ᠠ᠃ ︽ᠪᠢ ᠡᠨᠡᠭᠦ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠳᠡᠯᠭᠡᠭᠦᠷ ᠢᠶᠠᠨ ᠨᠢᠳᠤᠨᠤᠨ ᠤ 5 ᠳ᠋ᠤᠭᠠᠷ ᠰᠠᠷ᠎ᠠ ᠳᠤ ᠠᠩᠬ᠎ᠠ ᠨᠡᠭᠡᠭᠡᠭᠰᠡᠨ ᠶᠤᠮ᠃ ᠬᠠᠮᠤᠭ ᠤᠷᠢᠳᠠᠪᠠᠷ ᠪᠤᠳᠠ ᠮᠠᠯ ᠠᠷᠠᠯᠵᠢᠶᠠᠯᠠᠵᠤ ᠪᠠᠶᠢᠬᠰᠠᠨ ᠢᠶᠠᠨ ᠰᠡᠭᠦᠯ ᠳᠤᠨᠢ ᠪᠤᠳᠠ ᠪᠤᠭ ᠮᠠᠯ ᠪᠦᠷ ᠠᠷᠠᠯᠵᠢᠶᠠᠯᠠᠬᠤ ᠪᠤᠯᠤᠬᠰᠠᠨ᠃ ᠨᠢᠳᠤᠨᠤᠨ ᠵᠢᠯ ᠮᠠᠨ ᠤ ᠠᠮᠢᠳᠤ ᠮᠠᠯ ᠤᠨ ᠰᠤᠯᠢᠯᠴᠠᠭᠠᠨ ᠤ ᠵᠠᠬ᠎ᠠ 45 ᠤᠳᠠᠭᠠᠨ ᠤ ᠰᠤᠯᠢᠯᠴᠠᠭᠠᠨ ᠤ ᠲᠠᠯᠠᠪᠠᠢ ᠶᠢ ᠵᠤᠭᠢᠶᠠᠨ ᠪᠠᠶᠢᠭᠤᠯᠵᠤ 5000 ᠭᠠᠷᠤᠢ ᠪᠤᠳᠠ ᠮᠠᠯ᠂ 10000 ᠭᠠᠷᠤᠢ ᠪᠤᠭ ᠮᠠᠯ ᠤᠨ ᠰᠤᠯᠢᠯᠴᠠᠭ᠎ᠠ ᠭᠢᠭᠰᠡᠨ᠃ ᠮᠠᠯᠴᠢᠳ ᠭᠡᠷ ᠤᠨ ᠭᠠᠳᠠᠨ᠎ᠠ ᠪᠠᠨ ᠬᠤᠳᠠᠯᠳᠤᠭᠰᠠᠨ ᠠᠴᠠ ᠪᠤᠳᠠ ᠪᠦᠷᠢ ᠲᠡᠭᠡᠷ᠎ᠡ ᠠᠳᠠᠭ ᠲᠠᠭᠠᠨ 500 ᠲᠦᠭᠦᠷᠢᠭ᠂ ᠪᠤᠭ ᠪᠦᠷᠢ ᠲᠡᠭᠡᠷ᠎ᠡ ᠠᠳᠠᠭ ᠲᠠᠭᠠᠨ 20 ᠲᠦᠭᠦᠷᠢᠭ ᠢᠯᠡᠭᠦᠤ ᠬᠤᠳᠠᠯᠳᠤᠭᠰᠠᠨ ᠠᠴᠠ ᠮᠠᠯᠴᠢᠳ ᠲᠤ ᠨᠡᠶᠢᠳᠡ 270 ᠭᠠᠷᠤᠢ ᠲᠦᠮᠡᠨ ᠲᠦᠭᠦᠷᠢᠭ ᠤᠨ ᠢᠯᠡᠭᠦᠤ ᠠᠰᠢᠭ ᠭᠦᠷᠳᠡᠭᠡᠭᠰᠡᠨ ᠪᠠᠶᠢᠨ᠎ᠠ︾ ᠭᠡᠵᠤ ᠮᠠᠯᠴᠢᠨ ᠮᠦᠡᠭᠭᠡᠪᠠᠳᠤ ᠶᠠᠷᠢᠯ᠎ᠠ᠃ ᠡᠨᠡ ᠡᠳᠤᠷ ᠾᠧᠨᠠᠨ᠂ ᠾᠧᠪᠸᠢ᠂ ᠯᠢᠶᠤᠤᠨᠢᠩ᠂ ᠲᠦᠡᠭᠯᠢᠶᠤᠤ᠂ ᠭᠢᠨᠭ᠍ᠭᠠᠨ ᠵᠡᠷᠭᠡ ᠭᠠᠵᠠᠷ ᠠᠴᠠ 30 ᠭᠠᠷᠤᠢ ᠮᠠᠯ ᠤᠨ ᠠᠷᠠᠯᠵᠢᠶᠠᠴᠢᠨ ᠢᠷᠡᠭᠰᠡᠨ ᠪᠦᠭᠡᠳ 60 ᠭᠠᠷᠤᠢ ᠮᠠᠯᠴᠢᠨ 200 ᠰᠢᠬᠠᠮ ᠮᠠᠯ ᠢᠶᠠᠨ ᠠᠷᠠᠯᠵᠢᠶᠠᠯᠠᠬᠤ ᠪᠠᠷ ᠠᠪᠴᠢᠷᠠᠬᠰᠠᠨ ᠪᠠᠶᠢᠨ᠎ᠠ᠃ ᠡᠵᠢᠨᠠᠭᠤᠷ ᠪᠠᠯᠭᠠᠰᠤᠨ ᠤ ᠬᠠᠷᠠᠭᠠᠳᠤ ᠭᠠᠴᠠᠭᠠᠨ ᠤ ᠮᠠᠯᠴᠢᠨ ᠨᠠᠰᠤᠨᠪᠠᠶᠠᠷ ᠡᠨᠡ ᠡᠳᠤᠷ ᠨᠢᠭᠡ ᠮᠤᠷᠢ᠂ ᠲᠦᠷᠪᠡᠨ ᠪᠢᠷᠠᠭᠤ ᠪᠠᠨ ᠬᠤᠳᠠᠯᠳᠤᠬᠤ ᠪᠠᠷ ᠠᠪᠴᠢᠷᠠᠵᠠᠢ᠃ ᠳᠡᠷᠡ ᠮᠤᠷᠢ ᠪᠠᠨ 5500 ᠲᠦᠭᠦᠷᠢᠭ ᠢᠶᠠᠷ ᠵᠠᠷᠤᠬᠰᠠᠨ ᠢᠶᠠᠨ ᠲᠦᠷᠪᠠᠨ ᠪᠢᠷᠠᠭᠤ ᠪᠠᠨ ᠬᠤᠳᠠᠯᠳᠤᠬᠤ ᠭᠡᠵᠤ ᠮᠠᠶᠢᠮᠠᠶᠢᠴᠢᠳ ᠲᠠᠢ ᠦᠨ᠎ᠡ ᠬᠠᠶᠠᠯᠴᠠᠬᠰᠠᠨ ᠢᠶᠠᠨ ᠦᠨ᠎ᠠ ᠳᠠᠭᠠᠷᠠᠬᠰᠠᠨ ᠦᠭᠡᠢ ᠪᠤᠯᠤᠯᠳᠠᠢ᠃ ᠲᠦᠷᠪᠡᠨ ᠪᠢᠷᠠᠭᠤ ᠪᠠᠨ ᠳᠡᠭᠡᠭᠡᠵᠤ ᠪᠠᠶᠢᠳᠠᠯ᠎ᠠ ᠨᠢᠭᠡ ᠮᠠᠯ ᠤᠨ ᠠᠷᠠᠯᠵᠢᠶᠠᠴᠢᠨ ᠢᠷᠡᠵᠤ ᠳᠡᠭᠦᠨ ᠲᠠᠢ ᠦᠨ᠎ᠡ ᠬᠠᠶᠠᠯᠴᠠᠨ ᠪᠠᠶᠢᠬᠰᠠᠭᠠᠷ ᠳᠡᠭᠰᠢᠳᠭᠡᠭᠡᠳ ᠨᠢᠭᠡ ᠪᠢᠷᠠᠭᠤ ᠶᠢ ᠨᠢ 6600 ᠲᠦᠭᠦᠷᠢᠭ ᠢᠶᠠᠷ ᠠᠪᠴᠢᠬᠠᠯ᠎ᠠ᠃ ︽ᠦᠨᠦᠳᠦᠷ ᠠᠮᠢᠳᠤ ᠮᠠᠯ ᠤᠨ ᠵᠠᠬ᠎ᠠ ᠳᠡᠭᠡᠷ᠎ᠡ ᠢᠷᠡᠭᠡᠳ ᠨᠢᠭᠡ ᠰᠤᠶᠤᠭᠠᠯᠠᠩ ᠮᠤᠷᠢ ᠪᠠᠨ 5500 ᠲᠦᠭᠦᠷᠢᠭ ᠢᠶᠠᠷ ᠵᠠᠷᠤᠵᠤ᠂ ᠲᠦᠷᠪᠡᠨ ᠦᠭᠢᠨ ᠪᠢᠷᠠᠭᠤ ᠪᠠᠨ 6600 ᠲᠦᠭᠦᠷᠢᠭ ᠢᠶᠠᠷ ᠳᠡᠭᠰᠢᠯᠡᠭᠡᠳ ᠵᠠᠷᠤᠴᠢᠬᠠᠯ᠎ᠠ᠃ ᠦᠨ᠎ᠡ ᠬᠠᠨᠭ᠍ᠰᠢ ᠨᠢ ᠶᠡᠭᠡ ᠵᠦᠭᠡᠷ᠂ ᠪᠢ ᠡᠨᠡ ᠲᠦᠷᠪᠡᠨ ᠪᠢᠷᠠᠭᠤ ᠪᠠᠨ ᠡᠭᠦᠳᠠᠨ ᠳᠤ ᠤᠴᠢᠬᠰᠠᠨ ᠠᠷᠠᠯᠵᠢᠶᠠᠴᠢᠨ ᠳᠤ ᠦᠵᠡᠭᠦᠯᠦᠭᠰᠡᠨ ᠳᠤ 6200 ᠲᠦᠭᠦᠷᠢᠭ ᠠᠴᠠ ᠢᠯᠡᠭᠦᠤ ᠦᠨ᠎ᠡ ᠦᠭᠭᠦᠭᠰᠡᠨ ᠦᠭᠡᠢ᠃ ᠦᠨᠦᠳᠦᠷ ᠠᠳᠡ ᠠᠪᠴᠢᠷᠠᠬᠰᠠᠨ ᠳᠤ ᠨᠢᠭᠡ ᠨᠢ ᠬᠠᠷᠢᠨ 6600 ᠲᠦᠭᠦᠷᠢᠭ ᠭᠦᠷᠦᠭᠰᠡᠨ᠃ ᠶᠡᠷᠤᠨᠢ ᠮᠠᠨ ᠤ ᠭᠦᠳᠡᠭᠡ ᠨᠤᠳᠤᠭ ᠲᠤ ᠡᠶᠢᠮᠤ ᠨᠢᠭᠡ ᠠᠮᠢᠳᠤ ᠮᠠᠯ ᠤᠨ ᠠᠷᠠᠯᠵᠢᠶᠠᠨ ᠤ ᠵᠠᠬ᠎ᠠ ᠪᠠᠶᠢᠬᠤ ᠵᠦᠭᠡᠷ᠂ ᠮᠠᠯᠴᠢᠳ ᠤᠨ ᠲᠦᠷᠪᠡᠨ ᠤᠯᠠᠷᠢᠯ ᠢᠶᠠᠷ ᠮᠠᠯ ᠢᠶᠠᠨ ᠵᠠᠷᠤᠴᠠᠭᠤᠯᠬᠤ ᠳᠤ ᠲᠦᠭᠦᠮ ᠪᠦᠭᠡᠳ ᠮᠠᠯ ᠢᠶᠠᠨ ᠴᠤ ᠦᠨᠳᠦᠷ ᠦᠨ᠎ᠡ ᠳᠤ ᠭᠦᠷᠭᠡᠵᠤ ᠴᠢᠳᠠᠨ᠎ᠠ᠃ ᠨᠢᠳᠤᠨᠤᠨ ᠵᠢᠯ ᠪᠢ ᠬᠤᠷᠢᠭᠠᠳ ᠦᠭᠡᠷ ᠢᠶᠠᠨ ᠪᠦᠷ ᠡᠨᠡ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠳᠤ ᠠᠪᠴᠢᠷᠠᠵᠤ ᠬᠤᠳᠠᠯᠳᠤᠬᠰᠠᠨ᠂ ᠦᠨ᠎ᠡ ᠬᠠᠨᠭ᠍ᠰᠢ ᠨᠢ ᠶᠡᠭᠡ ᠵᠦᠭᠡᠷ︾ ᠭᠡᠵᠤ ᠮᠠᠯᠴᠢᠨ ᠨᠠᠰᠤᠨᠪᠠᠶᠠᠷ ᠶᠠᠷᠢᠨ᠎ᠠ᠃ ᠮᠠᠯᠴᠢᠨ ᠦᠯᠵᠠᠶᠢᠪᠠᠶᠠᠷ᠂ ᠳᠡᠭᠰᠢᠪᠠᠶᠠᠷ ᠨᠠᠷ ᠦᠨᠦᠳᠦᠷ 26 ᠭᠦᠭᠰᠢᠨ ᠬᠤᠴᠠ ᠪᠠᠨ ᠵᠠᠷᠤᠴᠠᠭᠤᠯᠬᠤ ᠪᠠᠷ ᠠᠪᠴᠢᠷᠠᠬᠰᠠᠨ ᠳᠤ ᠾᠧᠨᠠᠨ ᠮᠤᠵᠢ ᠶᠢᠨ ᠨᠢᠭᠡ ᠠᠷᠠᠯᠵᠢᠶᠠᠴᠢᠨ ᠪᠦᠭᠦᠨ ᠢ ᠬᠤᠳᠠᠯᠳᠤᠨ ᠠᠪᠤᠬᠰᠠᠨ ᠪᠦᠭᠡᠳ ᠦᠨ᠎ᠡ ᠬᠠᠨᠭ᠍ᠰᠢ ᠨᠢ ᠴᠤ ᠦᠨᠳᠦᠷ ᠪᠠᠶᠢᠵᠤ᠂ ᠬᠠᠮᠤᠭ ᠦᠨᠳᠦᠷ ᠨᠢ 750 ᠲᠦᠭᠦᠷᠢᠭ ᠭᠦᠷᠴᠠᠢ᠃ ᠮᠠᠯᠴᠢᠳ ᠤᠯᠠᠩᠭᠢ ᠳᠠᠭᠠᠨ ᠨᠠᠮᠤᠷ ᠲᠠᠭᠠᠨ ᠮᠠᠯ ᠢᠶᠠᠨ ᠵᠠᠷᠤᠴᠠᠭᠤᠯᠵᠤ᠂ ᠪᠤᠰᠤᠳ ᠤᠯᠠᠷᠢᠯ ᠳᠤ ᠮᠠᠯ ᠢᠶᠠᠨ ᠵᠠᠷᠤᠴᠠᠭᠤᠯᠬᠤ ᠨᠢ ᠬᠠᠷᠢᠴᠠᠩᠭᠤᠢ ᠪᠠᠷ ᠴᠦᠭᠡᠨ ᠪᠠᠶᠢᠵᠤ᠂ ᠤᠨᠴᠠᠭᠠᠢᠢᠯᠠᠨ ᠬᠠᠪᠤᠷ ᠤᠨ ᠤᠯᠠᠷᠢᠯ ᠳᠤ ᠪᠠᠷᠤᠬᠳᠠᠢ ᠳᠤ ᠮᠠᠯ ᠵᠠᠷᠤᠴᠠᠭᠤᠯᠳᠠᠭ ᠦᠭᠡᠢ᠃ ᠭᠡᠳᠡᠯ᠎ᠡ ᠤᠳᠤ ᠮᠠᠯᠴᠢᠳ ᠤᠨ ᠦᠵᠡᠯᠳᠡ ᠳᠠᠨᠢᠯᠳᠠ ᠳᠤ ᠬᠤᠪᠢᠷᠠᠯᠳᠠ ᠭᠠᠷᠴᠤ᠂ ᠵᠢᠯ ᠤᠨ ᠲᠦᠷᠪᠡᠨ ᠤᠯᠠᠷᠢᠯ ᠳᠤ ᠮᠠᠯ ᠢᠶᠠᠨ ᠪᠤᠷᠤᠯᠠᠭᠤᠯᠬᠤ ᠪᠤᠯᠤᠬᠰᠠᠨ ᠭᠡᠳᠡᠭ ᠢ ᠦᠨᠦᠳᠦᠷ ᠤᠨ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠳᠡᠯᠭᠡᠭᠦᠷ ᠢᠶᠠᠷ ᠳᠤᠭᠤᠷᠢᠬᠤ ᠳᠤᠮᠳᠠ ᠪᠠᠨ ᠤᠢᠢᠯᠠᠭᠠᠵᠤ ᠮᠡᠳᠡᠯ᠎ᠡ᠃ ︽ᠦᠨᠦᠳᠦᠷ ᠮᠠᠨ ᠤ ᠠᠮᠢᠳᠤ ᠮᠠᠯ ᠤᠨ ᠵᠠᠬ᠎ᠠ ᠳᠤ ᠮᠠᠯᠴᠢᠳ 200 ᠰᠢᠬᠠᠮ ᠮᠠᠯ ᠠᠪᠴᠢᠷᠠᠵᠤ᠂ 57 ᠦᠭᠡᠷ᠂ ᠠᠷᠪᠠᠭᠠᠳ ᠠᠳᠤᠭᠤ᠂ 26 ᠬᠤᠴᠠ ᠵᠠᠷᠤᠵᠤ ᠪᠠᠷᠤᠭ ᠳᠠᠪᠢᠭᠠᠳ ᠲᠦᠮᠡᠨ ᠲᠦᠭᠦᠷᠢᠭ ᠤᠨ ᠠᠷᠠᠯᠵᠢᠶ᠎ᠠ ᠪᠦᠳᠦᠭᠰᠡᠨ᠃ ᠡᠨᠡ ᠨᠢ ᠮᠠᠨ ᠤ ᠮᠠᠯᠴᠢᠳ ᠤᠨ ᠦᠵᠡᠯᠳᠡ ᠳᠠᠨᠢᠯᠳᠠ ᠳᠤ ᠬᠤᠪᠢᠷᠠᠯᠳᠠ ᠲᠠᠢ ᠪᠤᠯᠵᠤ᠂ ᠵᠦᠪᠭᠡᠨ ᠨᠠᠮᠤᠷ ᠯᠡ ᠮᠠᠯ ᠢᠶᠠᠨ ᠪᠤᠷᠤᠯᠠᠭᠤᠯᠳᠠᠭ ᠪᠠᠶᠢᠬᠰᠠᠨ ᠠᠴᠠ ᠪᠠᠨ ᠵᠢᠯ ᠤᠨ ᠲᠦᠷᠪᠡᠨ ᠤᠯᠠᠷᠢᠯ ᠳᠤ ᠮᠠᠯ ᠢᠶᠠᠨ ᠪᠤᠷᠤᠯᠠᠭᠤᠯᠬᠤ ᠪᠤᠯᠤᠬᠰᠠᠨ ᠢ ᠬᠠᠷᠠᠭᠤᠯᠵᠤ ᠪᠠᠶᠢᠨ᠎ᠠ᠃ ᠮᠠᠨ ᠤ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠨᠢ ᠭᠠᠷᠠᠭ ᠪᠤᠯᠭᠠᠨ ᠤ ᠭᠠᠷᠠᠭ ᠤᠨ ᠬᠤᠶᠠᠷ ᠪᠡ ᠭᠠᠷᠠᠭ ᠤᠨ ᠳᠠᠪᠤᠨ ᠳ᠋ᠤ᠋ ᠳᠤᠬᠳᠠᠬᠰᠠᠨ ᠬᠤᠭᠤᠴᠠᠭ᠎ᠠ ᠲᠠᠢ ᠨᠡᠭᠡᠭᠡᠨ᠎ᠡ᠃ ᠳᠡᠶᠢᠮᠤ ᠠᠴᠠ ᠮᠠᠯᠴᠢᠳ ᠳᠤᠷᠠᠳᠠᠢ ᠴᠠᠭ ᠲᠠᠭᠠᠨ ᠪᠦᠷ ᠮᠠᠯ ᠢᠶᠠᠨ ᠵᠠᠷᠤᠴᠠᠭᠤᠯᠵᠤ ᠪᠤᠯᠤᠨ᠎ᠠ︾ ᠭᠡᠵᠤ ᠮᠠᠯᠴᠢᠨ ᠮᠦᠡᠭᠭᠡᠪᠠᠳᠤ ᠶᠠᠷᠢᠨ᠎ᠠ᠃       ᠭᠦᠳᠡᠭᠡ ᠨᠤᠳᠤᠭ ᠲᠤ ᠠᠮᠢᠳᠤ ᠮᠠᠯ ᠤᠨ ᠵᠠᠬ᠎ᠠ ᠲᠠᠢ ᠪᠤᠯᠵᠤ᠂ ᠮᠠᠯᠴᠢᠳ ᠵᠢᠯ ᠤᠨ ᠲᠦᠷᠪᠡᠨ ᠤᠯᠠᠷᠢᠯ ᠳᠤ ᠮᠠᠯ ᠢᠶᠠᠨ ᠪᠤᠷᠤᠯᠠᠭᠤᠯᠬᠤ ᠪᠤᠯᠤᠬᠰᠠᠨ ᠨᠢ ᠮᠠᠯᠴᠢᠳ ᠤᠨ ᠤᠤᠯ ᠨᠢ ᠵᠦᠪᠭᠡᠨ ᠨᠠᠮᠤᠷ ᠤᠨ ᠤᠯᠠᠷᠢᠯ ᠳᠤ ᠮᠠᠯ ᠢᠶᠠᠨ ᠵᠠᠷᠤᠴᠠᠭᠤᠯᠵᠤ ᠤᠷᠤᠯᠭ᠎ᠠ ᠤᠯᠳᠠᠭ ᠪᠠᠶᠢᠳᠠᠯ ᠢ ᠬᠤᠪᠢᠷᠠᠭᠤᠯᠤᠨ᠂ ᠵᠢᠯ ᠤᠨ ᠲᠦᠷᠪᠡᠨ ᠤᠯᠠᠷᠢᠯ ᠳᠤ ᠪᠦᠷ ᠠᠰᠢᠬ ᠤᠷᠤᠯᠭ᠎ᠠ ᠡᠭᠦᠳᠭᠦ ᠪᠤᠯᠤᠮᠵᠢ ᠲᠠᠢ ᠪᠤᠯᠭᠠᠭᠰᠠᠨ ᠪᠠᠶᠢᠨ᠎ᠠ᠃ ᠮᠠᠯᠴᠢᠳ ᠢᠡᠭᠭᠢᠵᠤ ᠵᠢᠯ ᠤᠨ ᠲᠦᠷᠪᠡᠨ ᠤᠯᠠᠷᠢᠯ ᠳᠤ ᠤᠷᠤᠯᠭ᠎ᠠ ᠡᠭᠦᠳᠭᠦ ᠪᠤᠯᠪᠠᠯ ᠤᠷᠤᠯᠭ᠎ᠠ ᠵᠠᠷᠤᠯᠭ᠎ᠠ ᠪᠠᠨ ᠳᠡᠩᠴᠡᠭᠦᠯᠭᠦ ᠳᠤ ᠠᠰᠢᠬᠳᠠᠢ ᠪᠠᠶᠢᠵᠤ᠂ ᠡᠯᠳᠡᠪ ᠡᠰᠠ ᠶᠢᠨ ᠵᠢᠭᠡᠯᠡᠯᠭᠡ ᠠᠪᠳᠠᠭ ᠪᠠᠶᠢᠳᠠᠯ ᠢᠶᠠᠨ ᠦᠭᠡᠶᠢᠰᠬᠡᠵᠤ ᠪᠤᠯᠤᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号