ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠵᠤ ᠠᠮᠢ ᠠᠬᠤᠢ ᠶᠢᠨ ᠬᠠᠮᠠᠭᠠᠯᠠᠯᠳᠠ ᠪᠦᠬᠦ ᠤᠷᠤᠨ ᠪᠦᠰᠡ ᠶᠢᠨ ᠵᠤᠭᠠᠴᠠᠯ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠤᠯᠳᠠᠢ ᠳᠦᠯᠤᠪᠵᠢᠬᠦᠯᠤᠨ ᠠᠳᠬᠤᠬᠤ ᠬᠡᠷᠡᠭᠳᠠᠢ
ᠨᠡᠶᠢᠲᠡᠯᠡᠭᠰᠡᠨ ᠴᠠᠭ᠄
2017/4/6
    3 ᠳ᠋ᠤᠭᠠᠷ ᠰᠠᠷ᠎ᠡ ᠶᠢᠨ 31 ᠤ ᠡᠳᠦᠷ ᠠᠴᠠ 4 ᠳ᠋ᠤᠭᠡᠷ ᠰᠠᠷ᠎ᠡ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠤᠭᠤᠨ ᠬᠦᠬᠡ ᠬᠤᠰᠢᠭᠤ ᠪᠤᠯᠤᠨ ᠲᠤᠯᠤᠨ ᠨᠤᠤᠷ ᠰᠢᠶᠠᠨ ᠢᠶᠠᠷ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠡ ᠶᠡᠷᠢᠶᠠᠨ ᠤ ᠵᠤᠷᠢᠭ ᠰᠠᠨᠠᠭ᠎ᠠ᠂ ᠤᠨᠴᠠᠭᠠᠢᠢᠯᠠᠨ ᠥᠪᠥᠷ ᠮᠤᠩᠭᠤᠯ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠡ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ 2017 ᠤᠨ ᠤ ᠠᠶᠢᠮᠠᠭ ᠤᠨ ᠨᠠᠮ ᠤᠨ ᠬᠤᠷᠢᠶᠠᠨ ᠤ ᠠᠩᠬᠠᠳᠤᠭᠠᠷ ᠤᠳᠠᠭᠠᠨ ︵ᠦᠷᠭᠡᠳᠭᠡᠭᠰᠡᠨ︶ ᠤ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠤᠰᠤᠭᠠᠷ᠂ ᠪᠤᠬᠢᠷᠳᠤᠯ ᠦᠬᠡᠢ ᠬᠦᠭᠵᠢᠯᠲᠡ ᠶᠢᠨ ᠤᠢᠢᠯᠠᠭᠠᠭᠳᠠᠬᠤᠨ ᠢ ᠪᠠᠲᠦ ᠪᠤᠢ ᠪᠤᠯᠭᠠᠨ᠂ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ ᠪᠤᠯᠭᠠᠵᠦ᠂ ᠠᠮᠢ ᠠᠬᠤᠢ ᠶᠢᠨ ᠬᠠᠮᠠᠭᠠᠯᠠᠯᠲᠠ᠂ ᠪᠦᠬᠦ ᠤᠷᠤᠨ ᠪᠦᠰᠡ ᠶᠢᠨ ᠵᠤᠭᠠᠴᠠᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠲᠦᠯᠲᠡᠢ ᠲᠦᠯᠦᠪᠵᠢᠬᠦᠯᠦᠨ ᠬᠦᠭᠵᠢᠬᠦᠯᠵᠦ᠂ ᠠᠵᠦ ᠠᠬᠤᠢ ᠨᠡᠶᠢᠭᠡᠮ ᠤᠨ ᠭᠦᠭᠵᠢᠯᠲᠡ ᠶᠢᠨ ᠦᠷ᠎ᠡ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠲᠡᠢ ᠬᠡᠪᠡ᠃       ᠯᠦᠸᠧ ᠬᠤ᠋ ᠽᠠᠢ ᠬᠤᠶᠠᠳᠤᠭᠠᠷ ᠡᠭᠡᠯᠵᠢ ᠶᠢᠨ ᠨᠤᠳᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠭᠡᠷᠡᠭᠵᠢᠭᠦᠯᠦᠯᠳᠡ ᠶᠢᠨ ᠪᠠᠶᠢᠳᠠᠯ ᠳᠤ ᠠᠩᠬᠠᠷᠤᠯ ᠳᠠᠯᠪᠢᠵᠦ᠂ ᠤᠷᠢᠳ ᠬᠤᠵᠢᠳ ᠰᠢᠯᠤᠭᠤᠨ ᠬᠦᠬᠡ ᠬᠤᠰᠢᠭᠤᠨ ᠤ ᠰᠠᠶᠢᠨᠬᠤᠳᠳᠤᠭ ᠰᠤᠮᠤᠨ ᠤ ᠪᠠᠶᠠᠨᠲᠦ᠋ᠭᠦᠮ ᠭᠠᠴᠠᠭ᠎ᠠ ᠶᠢᠨ ᠰᠠᠶᠢᠰᠢᠶᠠᠯᠲᠦ᠂ ᠰᠡᠴᠡᠨᠪᠠᠲᠦ ᠪᠤᠯᠤᠨ ᠰᠠᠩ ᠤᠨ ᠲᠠᠯᠠᠢ ᠪᠠᠯᠭᠠᠰᠦ ᠶᠢᠨ ᠪᠠᠶᠠᠨᠰᠦ᠋ᠷᠦᠭ ᠭᠠᠴᠠᠭᠠᠨ ᠤ ᠪᠦᠷᠢᠨᠮᠠᠨᠳᠤᠬᠤ ᠵᠡᠷᠭᠡ ᠮᠠᠯᠴᠢᠨ ᠡᠷᠦᠬᠡ ᠪᠠᠷ ᠬᠦᠨᠵᠡᠭᠡᠶᠢᠷᠡᠵᠦ᠂ ᠱᠠᠩᠨᠠᠯ ᠨᠦᠬᠦᠪᠦᠷᠢ ᠶᠢᠨ ᠮᠥᠩᠬᠦ ᠶᠢᠨ ᠨᠠᠶᠢᠲᠠᠪᠤᠷᠢᠵᠢᠭᠤᠯᠤᠭᠰᠠᠨ ᠪᠠᠶᠢᠳᠠᠯ ᠢ ᠤᠢᠢᠯᠠᠭᠠᠪᠠ᠃ ᠯᠦᠸᠧ ᠬᠤ᠋ ᠽᠠᠢ ᠵᠢᠭᠠᠬᠤ ᠳᠠᠭᠠᠨ᠂ ᠨᠤᠳᠤᠬ ᠪᠡᠯᠴᠢᠭᠡᠷ ᠤᠨ ᠠᠠᠮᠢ ᠠᠬᠤᠢ ᠶᠢ ᠬᠠᠮᠠᠭᠠᠯᠠᠬᠤ ᠪᠤᠯ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠪᠦᠬᠦ ᠠᠶᠢᠮᠠᠭ ᠤᠨ ᠡᠯ᠎ᠡ ᠱᠠᠲᠤᠨ ᠤ ᠬᠠᠮᠲᠤᠪᠡᠷ ᠡᠭᠦᠷᠭᠡᠯᠡᠵᠦ ᠪᠠᠶᠢᠭ᠎ᠠ ᠤᠯᠤᠰ ᠲᠦᠷᠦ ᠶᠢᠨ ᠡᠬᠦᠷᠭᠡ ᠬᠠᠷᠢᠭᠤᠴᠠᠯᠭ᠎ᠠ ᠮᠥᠨ᠃ ᠪᠢᠳᠡ ᠨᠠᠮ ᠪᠤᠯᠤᠨ ᠤᠯᠤᠰ᠂ ᠳᠠᠯ᠎ᠠ ᠨᠤᠳᠤᠬ ᠤᠨ ᠠᠮᠢ ᠠᠬᠤᠢ᠂ ᠦᠷ᠎ᠠ ᠬᠤᠶᠢᠴᠢᠰ ᠲᠠᠭᠠᠨ ᠬᠠᠷᠢᠭᠤᠴᠠᠬᠤ ᠤᠪᠤᠷ ᠢᠶᠠᠷ ᠨᠤᠳᠤᠬ ᠪᠡᠯᠴᠢᠭᠡᠷ ᠢᠶᠠᠨ ᠬᠠᠮᠠᠭᠠᠯᠠᠨ᠂ ᠪᠡᠯᠴᠢᠭᠡᠷᠯᠡᠭᠦᠯᠬᠦ ᠶᠢ ᠵᠤᠬᠰᠤᠭᠠᠬᠤ ᠭᠠᠵᠠᠷ ᠲᠤ ᠦᠨᠡᠡᠬᠦ ᠪᠡᠯᠴᠢᠭᠡᠷᠯᠡᠭᠦᠯᠬᠦ ᠦᠭᠡᠢ ᠪᠠᠶᠢᠬᠤ᠂ ᠳᠡᠩᠴᠡᠭᠦᠷᠢ ᠶᠢ ᠪᠠᠳᠤᠯᠠᠬᠤ ᠭᠠᠵᠠᠷ ᠦᠨᠡᠨᠬᠦ ᠳᠡᠩᠴᠡᠭᠦᠷᠢ ᠶᠢ ᠪᠠᠳᠤᠯᠬᠠᠤ ᠶᠢ ᠪᠡᠶᠡᠯᠡᠭᠦᠯᠵᠦ᠂ ᠮᠠᠯ ᠳᠠᠷᠢᠶᠠᠯᠠᠩ ᠦᠢᠯᠡᠳᠪᠦᠷᠢᠯᠡᠯ ᠪᠤᠯᠤᠨ ᠠᠮᠢ ᠠᠬᠤᠢ ᠶᠢᠨ ᠬᠠᠮᠠᠭᠠᠯᠠᠯᠳᠡ ᠶᠢᠨ ᠬᠤᠤᠰ ᠠᠰᠢᠬ ᠢ ᠬᠦᠷᠳᠡᠭᠦ ᠭᠡᠷᠡᠭᠳᠠᠢ᠃ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠢᠳᠡᠪᠬᠢᠲᠡᠢ ᠠᠬᠢᠭᠤᠯᠵᠦ᠂ ︽ᠬᠤᠨᠢ ᠶᠢ ᠴᠦᠬᠡᠴᠢᠯᠡᠵᠦ ᠦᠬᠡᠷ ᠮᠠᠯᠵᠢᠬᠤ︾ ᠶᠢ ᠬᠡᠷᠡᠭᠵᠢᠬᠦᠯᠵᠦ᠂ ︽ᠡᠯᠡᠰᠦᠷᠭᠡᠭ ᠭᠠᠵᠠᠷ ᠬᠤᠨᠢ ᠮᠠᠯᠵᠢᠬᠤ ᠶᠢ ᠵᠤᠭᠰᠤᠭᠠᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠰᠢᠯᠢᠳᠡᠭ ᠡᠭᠦᠯᠳᠡᠷ ᠤᠨ ᠦᠬᠡᠷ ᠤᠨ ᠠᠵᠦ ᠦᠢᠯᠡᠰ ᠢ ᠲᠦᠷᠭᠡᠳᠭᠡᠨ ᠭᠦᠭᠵᠢᠬᠦᠯᠵᠦ᠂ ᠠᠰᠢᠬ ᠲᠤᠰᠠ ᠶᠢᠨ ᠬᠤᠯᠪᠤᠭᠠᠳᠦ ᠲᠤᠭᠳᠠᠴᠠ ᠶᠢ ᠲᠡᠭᠦᠯᠳᠡᠷᠵᠢᠬᠦᠯᠵᠦ᠂ ᠮᠠᠯ ᠠᠵᠦ ᠠᠬᠤᠢ ᠶᠢ ᠬᠦᠭᠵᠢᠬᠦᠯᠬᠦ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠶᠢ ᠪᠡᠶᠡᠯᠡᠬᠦᠯᠬᠦ ᠭᠡᠷᠡᠭᠲᠡᠢ ᠭᠡᠪᠡ᠃       ᠯᠦᠸᠧ ᠬᠤ᠋ ᠽᠠᠢ ᠳᠤᠯᠤᠨ ᠨᠤᠤᠷ ᠰᠢᠶᠠᠨ ᠤ ᠳ᠋ᠠ ᠾᠧ ᠺᠸᠦ ᠰᠢᠶᠠᠩ᠂ ᠼᠠᠢ ᠮᠦ ᠱᠠᠨ ᠰᠢᠶᠠᠩ ᠤᠨ ᠡᠯᠡᠰᠦᠷᠭᠡᠭ ᠭᠠᠵᠠᠷ ᠤᠨ ᠠᠮᠢ ᠠᠬᠤᠢ ᠶᠢ ᠰᠡᠷᠭᠦᠬᠡᠨ ᠵᠠᠰᠠᠬᠤ ᠤᠷᠤᠨ ᠳᠤ ᠬᠦᠷᠴᠦ ᠪᠠᠶᠢᠳᠠᠯ ᠢ ᠤᠢᠢᠯᠠᠭᠠᠨ᠂ ᠳᠤᠯᠤᠨ ᠨᠤᠤᠷ ᠰᠢᠶᠠᠨ ᠤ ᠠᠮᠢ ᠠᠬᠤᠢ ᠶᠢᠨ ᠬᠠᠮᠠᠭᠠᠯᠠᠯᠲᠠ ᠪᠦ᠋ᠳᠤᠬᠡᠨ ᠪᠠᠶᠢᠭᠤᠯᠤᠯᠲᠠ ᠶᠢ ᠬᠦᠢᠴᠡᠳ ᠨᠤᠳᠠᠯᠠᠪᠠ᠃ ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠷᠭᠡᠪᠰᠢ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠡᠯᠡᠰᠦᠷᠭᠡᠭ ᠤᠷᠤᠨ ᠤ ᠤᠰᠤᠨ ᠰᠢᠰᠲ᠋ᠧᠮ ᠤᠨ ᠨᠤᠭᠤ ᠭᠠᠵᠠᠷ ᠢ ᠶᠡᠷᠦᠩᠬᠡᠶᠢᠯᠡᠨ ᠵᠠᠰᠠᠬᠤ᠂ ᠭᠤᠤᠯᠳᠠᠯᠭ᠎ᠠ ᠲᠠᠢ ᠤᠷᠤᠨ ᠳᠤ ᠮᠤᠲᠤ ᠲᠠᠷᠢᠨ ᠤᠢᠢᠵᠢᠭᠤᠯᠬᠤ ᠵᠡᠷᠭᠡ ᠴᠢᠬᠤᠯᠡ ᠶᠡᠭᠡ ᠠᠮᠢ ᠠᠬᠤᠢ ᠶᠢᠨ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠦ᠂ ᠪᠡᠯᠴᠢᠭᠡᠷᠯᠡᠬᠦᠯᠬᠦ ᠶᠢ ᠵᠤᠭᠰᠤᠭᠠᠬᠤ ᠦᠷ᠎ᠡ ᠪᠦᠲᠦᠮᠵᠢ ᠶᠢ ᠪᠠᠲᠤᠳᠬᠠᠵᠦ᠂ ᠬᠦᠮᠦᠨ ᠤ ᠬᠦᠴᠦ ᠪᠠᠷ ᠤᠢᠢᠵᠢᠭᠤᠯᠬᠤ ᠪᠠ ᠪᠠᠶᠢᠭᠠᠯᠢ ᠶᠢᠨ ᠥᠪᠡᠷᠲᠡᠬᠡᠨ ᠰᠡᠷᠬᠦᠬᠦ ᠶᠢ ᠤᠶᠠᠯᠳᠤᠭᠤᠯᠵᠦ᠂ ᠠᠮᠢ ᠠᠬᠠᠤᠢ ᠶᠢᠨ ᠬᠠᠯᠬᠠᠪᠴᠢ ᠶᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ ᠬᠡᠪᠡ᠃       ᠰᠤᠶᠤᠯ ᠵᠤᠭᠠᠴᠠᠯ ᠤᠨ ᠠᠵᠦ ᠦᠢᠯᠡᠰ ᠤᠨ ᠳᠤᠬᠠᠢ ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠰᠤᠶᠤᠯ ᠵᠤᠭᠠᠴᠠᠯ ᠤᠨ ᠭᠦᠭᠵᠢᠯᠲᠡ ᠶᠢ ᠲᠤᠯᠭᠠᠭᠤᠷᠢᠯᠠᠯ ᠠᠵᠦ ᠦᠢᠯᠡᠰ ᠪᠤᠯᠭᠠᠨ ᠴᠢᠩᠭᠠᠳᠬᠠᠵᠦ᠂ ᠪᠦᠬᠦ ᠤᠷᠤᠨ ᠤ ᠵᠤᠭᠠᠴᠠᠯ ᠤᠨ ᠬᠦᠭᠵᠢᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ ᠂ ᠰᠢᠨ᠎ᠡ ᠭᠦᠭᠵᠢᠯᠲᠡ ᠶᠢᠨ ᠤᠢᠢᠯᠠᠭᠠᠭᠳᠠᠬᠤᠨ ᠢ ᠪᠠᠲᠦ ᠪᠤᠢ ᠪᠤᠯᠭᠠᠵᠦ᠂ ᠮᠤᠩᠭᠤᠯ ᠶᠤᠸᠠᠨ ᠤ ᠰᠤᠶᠤᠯ ᠪᠤᠯᠤᠨ ᠲᠠᠯ᠎ᠠ ᠨᠤᠲᠤᠭ ᠤᠨ ᠬᠤᠶᠠᠷ ᠶᠡᠭᠡ ᠲᠠᠪᠠᠭᠤᠯᠢᠭ ᠢ ᠲᠤᠪᠤᠶᠢᠯᠭᠠᠵᠦ᠂ ᠪᠦᠬᠦ ᠤᠷᠤᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠢ ᠬᠦᠭᠵᠢᠬᠦᠯᠵᠦ᠂ ︽ᠵᠤᠭᠠᠴᠠᠯ +︾ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠬᠦᠯᠵᠦ᠂ ᠰᠤᠶᠤᠯ ᠵᠤᠭᠠᠴᠠᠯ ᠤᠨ ᠠᠵᠦ ᠦᠢᠯᠡᠰ ᠢ ᠲᠤᠯᠭᠠᠭᠤᠷᠢ ᠠᠵᠦ ᠦᠢᠯᠡᠰ᠂ ᠬᠦᠳᠡᠯᠬᠡᠬᠦ ᠬᠦᠴᠦᠨ ᠪᠦᠬᠦᠢ ᠠᠵᠦ ᠦᠢᠯᠡᠰ᠂ ᠠᠷᠠᠳ ᠢ ᠴᠢᠨᠡᠭᠡᠯᠢᠭᠵᠢᠬᠦᠯᠬᠦ ᠠᠵᠦ ᠦᠢᠯᠡᠰ ᠪᠤᠯᠭᠠᠨ ᠭᠦᠭᠵᠢᠬᠦᠯᠬᠦ ᠬᠡᠷᠡᠭᠲᠡᠢ ᠭᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号