ᠬᠦᠮᠤᠨ ᠤ ᠬᠦᠴᠤᠨ ᠬᠢᠭᠡᠳ ᠨᠡᠶᠢᠭᠡᠮ ᠤᠨ ᠪᠠᠳᠤᠯᠠᠭ᠎ᠠ ᠶᠢᠨ ᠠᠵᠢᠯ ᠢ ᠰᠢᠨ᠎ᠡ ᠳᠦᠪᠰᠢᠨ ᠳᠤ ᠬᠦᠷᠭᠡᠵᠤ ᠠᠷᠠᠳ ᠤᠯᠠᠨ ᠳᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2017/4/6
    3 ᠳ᠋ᠤᠭᠠᠷ ᠰᠠᠷ᠎ᠠ ᠶᠢᠨ 30 ᠤ ᠡᠳᠦᠷ ᠬᠤᠷᠠᠯᠳᠤᠭᠰᠠᠨ ᠪᠦᠬᠦ ᠠᠶᠢᠮᠠᠭ ᠤᠨ ᠬᠦᠮᠦᠨ ᠤ ᠬᠦᠴᠦᠨ ᠬᠢᠬᠡᠳ ᠨᠡᠶᠢᠭᠡᠮ ᠤᠨ ᠪᠠᠳᠤᠯᠠᠭ᠎ᠠ ᠶᠢᠨ ᠠᠵᠢᠯ ᠤᠨ ᠬᠤᠷᠠᠯ ᠠᠴᠠ ᠠᠷᠠᠳ ᠤᠨ ᠠᠮᠢᠳᠤᠷᠠᠯ ᠢᠶᠠᠷ ᠰᠠᠭᠤᠷᠢ ᠪᠤᠯᠭᠠᠨ᠂ ᠴᠢᠳᠠᠪᠤᠷᠢᠳᠠᠨ ᠢ ᠬᠦᠮᠦᠵᠢᠬᠦᠯᠬᠦ ᠶᠢ ᠲᠡᠷᠢᠭᠦᠨ ᠳᠤ ᠲᠠᠯᠪᠢᠵᠤ᠂ ᠪᠦᠬᠦ ᠠᠶᠢᠮᠠᠭ ᠤᠨ ᠬᠦᠮᠦᠨ ᠤ ᠬᠦᠴᠦᠨ ᠬᠢᠭᠡᠳ ᠨᠡᠶᠢᠭᠡᠮ ᠤᠨ ᠪᠠᠳᠤᠯᠠᠭ᠎ᠠ ᠶᠢᠨ ᠠᠵᠢᠯ ᠤᠨ ᠬᠦᠭᠵᠢᠯᠳᠡ ᠶᠢ ᠠᠬᠢᠭᠤᠯᠵᠤ᠂ ᠠᠷᠠᠳ ᠤᠯᠠᠨ ᠳᠤ ᠨᠡᠩ ᠢᠯᠡᠭᠦᠦ ᠠᠰᠢᠬ ᠬᠦᠷᠳᠡᠭᠡᠬᠦ ᠭᠡᠷᠡᠭᠳᠠᠢ ᠭᠡᠵᠦ ᠱᠠᠭᠠᠷᠳᠠᠵᠠᠢ᠃       ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ ᠬᠤᠷᠠᠯ ᠳᠤ ᠴᠤᠬᠤᠯᠠᠪᠤᠷᠢ ᠦᠭᠴᠦ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠡᠭᠭᠤ ᠶᠢᠨ ᠳᠠᠳ᠋ ᠲᠠᠷᠤᠭ᠎ᠠ ᠶᠤᠤ ᠶᠥᠩ ᠪᠦᠸᠧ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃       ᠹᠦ᠋ ᠸᠠᠨ ᠬᠤᠢ ᠴᠤᠬᠤᠯᠪᠤᠷᠢ ᠳᠠᠭᠠᠨ᠂ ᠪᠦᠬᠦ ᠠᠶᠢᠮᠠᠭ ᠤᠨ ᠬᠦᠮᠦᠨ ᠤ ᠬᠦᠴᠦᠨ ᠬᠢᠭᠡᠳ ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠤᠨ 2016 ᠤᠨ ᠤ ᠠᠵᠢᠯ ᠢ ᠨᠤᠳᠠᠯᠠᠵᠦ᠂ 2017 ᠤᠨ ᠳᠤ ᠰᠢᠨ᠎ᠡ ᠬᠦᠭᠵᠢᠯᠳᠡ ᠶᠢᠨ ᠰᠡᠳᠬᠢᠴᠡ ᠶᠢ ᠪᠠᠳᠤ ᠪᠠᠬᠢ ᠪᠤᠢ ᠪᠤᠯᠭᠠᠵᠦ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠵᠤᠬᠢᠴᠠᠵᠦ᠂ ᠡᠵᠡᠳᠡᠮᠵᠦ᠂ ᠬᠦᠳᠦᠯᠦᠨ ᠵᠢᠯᠤᠭᠤᠳᠴᠦ᠂ ᠠᠷᠠᠳ ᠤᠨ ᠠᠮᠢᠳᠤᠷᠠᠯ ᠢᠶᠠᠷ ᠰᠠᠭᠤᠷᠢ ᠪᠤᠯᠭᠠᠨ᠂ ᠴᠢᠳᠠᠪᠤᠷᠢᠳᠠᠨ ᠤ ᠠᠵᠢᠯ ᠢ ᠴᠢᠬᠤᠯᠠᠴᠢᠯᠠᠬᠤ ᠭᠤᠤᠯ ᠱᠤᠭᠤᠮ ᠤᠨ ᠲᠤᠭᠤᠷᠢᠨ ᠳᠤ᠂ ᠤᠯᠠᠨ ᠢᠶᠠᠷ ᠢᠶᠠᠨ ᠰᠢᠨ᠎ᠡ ᠶᠢ ᠡᠭᠦᠳᠴᠤ᠂ ᠨᠡᠶᠢᠳᠡ ᠪᠠᠷ ᠢᠶᠠᠨ ᠦᠢᠯᠡᠰ ᠪᠤᠰᠬᠠᠬᠤ ᠶᠢ ᠠᠬᠢᠭᠤᠯᠵᠤ᠂ ᠠᠵᠢᠯ ᠤᠯᠭᠤᠯᠳᠠ ᠦᠢᠯᠡᠰ ᠪᠤᠰᠬᠠᠬᠤ ᠶᠢ ᠢᠳᠡᠪᠬᠢᠳᠡᠢ ᠠᠬᠢᠭᠤᠯᠵᠤ᠂ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ ᠠᠵᠢᠯᠳᠠᠨ ᠤ ᠲᠦᠷᠢᠮ ᠤᠨ ᠦᠭᠡᠷᠡᠴᠢᠯᠡᠯᠳᠡ ᠪᠤᠯᠤᠨ ᠨᠡᠶᠢᠭᠡᠮ ᠤᠨ ᠪᠠᠳᠤᠯᠠᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠰᠢᠨ᠎ᠡ ᠬᠡᠯᠪᠡᠷᠢ ᠶᠢᠨ ᠡᠶ᠎ᠡ ᠨᠠᠶᠢᠷᠠᠮᠳᠠᠭᠤ ᠬᠦᠳᠡᠯᠮᠦᠷᠢ ᠶᠢᠨ ᠬᠠᠷᠢᠴᠠᠭ᠎ᠠ ᠶᠢ ᠪᠦᠬᠦ ᠬᠦᠴᠦᠨ ᠢᠶᠠᠷ ᠪᠠᠶᠢᠭᠤᠯᠵᠤ᠂ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠠᠷᠠᠳ ᠤᠯᠠᠨ ᠤ ᠠᠰᠢᠬ ᠬᠦᠷᠳᠡᠭᠡᠮᠵᠢ ᠶᠢ ᠨᠡᠮᠡᠭᠳᠡᠬᠦᠯᠦᠨ᠂ ᠪᠦᠬᠦ ᠠᠶᠢᠮᠠᠭ ᠤᠨ ᠬᠦᠮᠦᠨ ᠤ ᠬᠦᠴᠦᠨ ᠬᠢᠬᠡᠳ ᠨᠡᠶᠢᠭᠡᠮ ᠤᠨ ᠪᠠᠳᠤᠯᠠᠭ᠎ᠠ ᠶᠢᠨ ᠠᠵᠢᠯ ᠤᠨ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠰᠡᠨ ᠪᠠᠶᠢᠨ᠎ᠠ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠬᠦᠮᠦᠨ ᠤ ᠬᠦᠴᠦᠨ ᠬᠢᠭᠡᠳ ᠨᠡᠶᠢᠭᠡᠮ ᠤᠨ ᠪᠠᠳᠤᠯᠠᠭ᠎ᠠ ᠶᠢᠨ ᠠᠵᠢᠯ ᠨᠢ ᠭᠤᠤᠯᠳᠠᠯᠭ᠎ᠠ ᠪᠠᠨ ᠲᠤᠪᠤᠶᠢᠯᠭᠠᠨ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠵᠤ᠂ ᠭᠤᠤᠯᠳᠠᠯᠭ᠎ᠠ ᠶᠢ ᠠᠳᠬᠤᠵᠤ᠂ ᠬᠦᠴᠢᠷᠳᠡᠯ ᠢ ᠰᠢᠢᠳᠪᠦᠷᠢᠯᠡᠨ᠂ ᠰᠢᠨ᠎ᠡ ᠠᠮᠵᠢᠯᠳᠠ ᠭᠠᠷᠭᠠᠬᠤ ᠬᠡᠷᠡᠭᠳᠡᠢ᠃ ᠠᠵᠢᠯ ᠤᠯᠭᠤᠯᠳᠠ ᠦᠢᠯᠡᠰ ᠪᠤᠰᠬᠠᠬᠤ ᠶᠢ ᠯᠠᠪᠳᠠᠭᠤᠨ ᠪᠤᠳᠠᠳᠠᠢ ᠠᠳᠬᠤᠵᠤ᠂ ᠠᠵᠢᠯ ᠤᠯᠭᠤᠯᠳᠠ ᠶᠢᠨ ᠬᠦᠷᠢᠶ᠎ᠡ ᠬᠡᠪᠴᠢᠶ᠎ᠡ ᠪᠠᠨ ᠪᠦᠬᠦ ᠬᠦᠴᠦᠨ ᠢᠶᠠᠷ ᠦᠷᠭᠡᠳᠭᠡᠵᠤ᠂ ᠠᠵᠢᠯ ᠤᠯᠭᠤᠯᠳᠠ ᠪᠠ ᠦᠢᠯᠡᠰ ᠪᠤᠰᠬᠠᠬᠤ ᠠᠵᠢᠯ ᠳᠤ ᠰᠠᠶᠢᠳᠤᠷ ᠦᠢᠯᠡᠴᠢᠯᠡᠨ᠂ ᠠᠵᠢᠯ ᠤᠯᠭᠤᠯᠳᠠ ᠶᠢᠨ ᠶᠡᠭᠡ ᠪᠠᠶᠢᠳᠠᠯ ᠤᠨ ᠲᠤᠭᠳᠠᠭᠤᠨ ᠢ ᠪᠠᠳᠤᠯᠠᠬᠤ ᠬᠡᠷᠡᠭᠳᠡᠢ᠃ ᠨᠡᠶᠢᠭᠡᠮ ᠤᠨ ᠪᠠᠳᠤᠯᠠᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠤᠯᠠᠮ ᠲᠡᠭᠦᠯᠳᠡᠷᠵᠢᠬᠦᠯᠵᠤ᠂ ᠨᠠᠰᠤᠵᠢᠯ ᠤᠨ ᠲᠠᠭᠠᠳᠬᠠᠯ ᠪᠤᠯᠤᠨ ᠡᠮᠨᠡᠯᠬᠡ ᠶᠢᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠤᠤᠷ ᠢ ᠪᠠᠬᠢᠵᠢᠭᠦᠯᠬᠦ ᠬᠡᠷᠡᠭᠳᠡᠢ᠃ ᠠᠵᠢᠯᠳᠠᠨ ᠪᠤᠯᠤᠨ ᠴᠢᠳᠠᠪᠤᠷᠢᠳᠠᠨ ᠤ ᠠᠵᠢᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠴᠢᠳᠠᠪᠤᠷᠢᠳᠠᠨ ᠤ ᠠᠵᠢᠯ ᠤᠨ ᠲᠦᠷᠢᠮ ᠢᠶᠠᠨ ᠰᠢᠨᠡᠴᠢᠯᠡᠵᠤ᠂ ᠴᠢᠳᠠᠪᠤᠷᠢᠳᠠᠨ ᠤ ᠬᠦᠭᠵᠢᠯᠳᠡ ᠶᠢᠨ ᠲᠡᠪᠴᠡᠩ ᠢ ᠪᠦᠷᠢᠨᠰᠢᠬᠦᠯᠦᠨ᠂ ᠠᠵᠢᠯᠳᠠᠨ ᠤ ᠬᠠᠮᠢᠶᠠᠷᠤᠯᠳᠠ ᠶᠢᠨ ᠦᠢᠯᠡᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠬᠦᠯᠵᠤ᠂ ᠰᠢᠨ᠎ᠡ ᠬᠡᠯᠪᠡᠷᠢ ᠶᠢᠨ ᠴᠢᠳᠠᠪᠤᠷᠢᠳᠠᠨ ᠤ ᠡᠩᠨᠡᠭᠡ ᠶᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠳᠡᠢ᠃ ᠬᠦᠳᠡᠯᠮᠦᠷᠢ ᠠᠵᠢᠯᠳᠠᠨ ᠤ ᠬᠦᠷᠢᠶᠡᠨ ᠳᠠᠬᠢ ᠲᠦᠭᠰᠢᠬᠦᠷᠢ ᠪᠤᠯᠤᠨ ᠬᠡᠮ ᠰᠤᠭᠤᠭ ᠢ ᠪᠦᠳᠦᠮᠵᠢᠳᠡᠢ ᠰᠡᠷᠭᠡᠶᠢᠯᠡᠵᠤ᠂ ᠬᠦᠳᠡᠯᠮᠦᠷᠢ ᠶᠢᠨ ᠬᠠᠷᠢᠴᠠᠭ᠎ᠠ ᠶᠢᠨ ᠬᠠᠷᠢᠶᠠᠨ ᠳᠠᠬᠢ ᠲᠦᠭᠰᠢᠬᠦᠷᠢ ᠶᠢ ᠰᠡᠷᠭᠡᠶᠢᠯᠡᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠦᠷᠢᠳᠦᠬᠦ ᠠᠰᠠᠭᠤᠳᠠᠯ ᠢ ᠵᠠᠰᠠᠬᠤ ᠡᠷᠴᠢᠮ ᠢᠶᠠᠨ ᠴᠢᠩᠭᠠᠳᠬᠠᠵᠤ᠂ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠤᠬᠢᠰᠳᠠᠢ ᠰᠢᠢᠳᠪᠦᠷᠢᠯᠡᠵᠤ᠂ ᠬᠦᠮᠦᠨ ᠤ ᠬᠦᠴᠦᠨ ᠬᠢᠭᠡᠳ ᠨᠡᠶᠢᠭᠡᠮ ᠤᠨ ᠪᠠᠳᠤᠯᠠᠭ᠎ᠠ ᠶᠢᠨ ᠠᠵᠢᠯ ᠤᠨ ᠦᠢᠯᠡᠴᠢᠯᠡᠬᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠂ ᠰᠠᠶᠢᠨ ᠰᠠᠶᠢᠬᠠᠨ ᠨᠡᠶᠢᠭᠡᠮ ᠤᠨ ᠤᠷᠴᠢᠨ ᠢ ᠡᠭᠦᠳᠴᠤ᠂ ᠰᠢᠯᠢᠳᠡᠭ ᠠᠮᠵᠢᠯᠳᠠ ᠪᠠᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠬᠤ ᠬᠡᠷᠡᠭᠳᠡᠢ ᠭᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号