ᠵᠡᠬᠦᠨ ᠦᠵᠦᠮᠦᠴᠢᠨ ᠬᠤᠰᠢᠭᠤᠨ ᠤ ᠣᠯᠢᠶᠠᠰᠣᠳᠠᠢ ᠪᠠᠯᠭᠠᠰᠣ ᠨᠢ 9 ᠭᠠᠴᠠᠭ᠎ᠠ 7 ᠨᠡᠶᠢᠬᠡᠮ ᠲᠣᠭᠤᠷᠢᠭ ᠢᠶᠠᠷ | ᠪᠦᠷᠢᠯᠳᠣᠵᠣ᠂ ᠪᠦᠬᠦ ᠪᠠᠯᠭᠠᠰᠣᠨ ᠤ ᠨᠣᠳᠤᠭ ᠲᠡᠪᠢᠰᠭᠡᠷ ᠤᠨ ᠲᠠᠯᠠᠪᠠᠢ 686 ᠲᠦᠮᠡᠨ ᠮᠦ ᠪᠠᠶᠢᠵᠣ᠂ ᠨᠡᠶᠢᠳᠡ | 17637 ᠡᠷᠦᠬᠡ᠂ 41874 ᠬᠦᠮᠦᠨ ᠠᠮᠠ ᠲᠠᠢ ᠬᠤᠰᠢᠭᠤᠨ ᠲᠦᠪ ᠪᠠᠯᠭᠠᠰᠣ ᠪᠣᠯᠣᠨ᠎ᠠ᠃ ᠣᠶᠢᠷ᠎ᠠ ᠶᠢᠨ ᠵᠢᠯ᠂ | ᠪᠠᠯᠭᠠᠰᠣᠨ ᠤ ᠨᠠᠮ ᠤᠨ ᠬᠤᠷᠢᠶ᠎ᠠ ᠨᠢ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠠᠵᠢᠯ ᠢ | ᠴᠢᠩᠭ᠎ᠠ ᠠᠳᠬᠤᠨ᠂ ᠪᠣᠳᠠᠳᠠᠢ ᠲᠠᠢ ᠪᠠᠨ ᠣᠶᠠᠯᠳᠣᠭᠤᠯᠣᠨ ᠠᠵᠢᠯ ᠤᠨ ᠰᠢᠨ᠎ᠡ ᠠᠷᠭ᠎ᠠ ᠠᠪᠴᠠᠯ ᠢ ᠡᠷᠢᠯᠬᠢᠯᠡᠭᠰᠡᠭᠡᠷ | ᠢᠷᠡᠵᠠᠢ᠃ ᠡᠬᠦᠨ ᠳᠤ᠂ 2015 ᠣᠨ ᠠᠴᠠ ᠡᠬᠢᠯᠠᠨ ᠭᠠᠴᠠᠭ᠎ᠠ ᠪᠣᠯᠣᠨ ᠨᠡᠶᠢᠬᠡᠮ ᠲᠣᠭᠤᠷᠢᠭ ᠤᠨ ︽ᠬᠠᠷᠢᠯᠴᠠᠨ | ᠬᠠᠮᠵᠢᠯᠴᠠᠨ ᠬᠠᠮᠳᠣᠪᠠᠷ ᠴᠣᠭᠴᠠᠯᠠᠬᠤ︾ ᠠᠵᠢᠯ ᠤᠨ ᠰᠢᠨ᠎ᠡ ᠬᠡᠯᠪᠡᠷᠢ ᠮᠠᠶ᠋ᠢᠭ ᠢ ᠦᠷᠨᠢᠬᠦᠨ ᠬᠡᠷᠡᠭᠯᠡᠨ᠂ ᠪᠦᠬᠦ | ᠠᠶᠢᠮᠠᠭ ᠤᠨ ᠦᠨᠳᠦᠰᠦᠨ ᠱᠠᠳᠣᠨ ᠤ ᠨᠠᠮ ᠤᠨ ᠪᠠᠶᠢᠭᠤᠯᠣᠯᠳᠠ ᠶᠢᠨ ᠠᠵᠢᠯ ᠤᠨ ᠰᠢᠨ᠎ᠡ ᠨᠢᠬᠡᠨ ᠡᠬᠦᠳᠦᠯᠳᠡ ᠶᠢ | ᠡᠬᠦᠳᠴᠣ᠂ 2016 ᠣᠨ ᠳᠤ ᠪᠦᠬᠦ ᠠᠶᠢᠮᠠᠭ ᠤᠨ ᠵᠢᠱᠢᠶᠡᠴᠢ ᠬᠡᠪ ᠲᠠᠭᠤᠷᠢᠶᠠᠯ ᠪᠣᠯᠣᠭᠰᠠᠨ ᠢᠶᠠᠷ ᠪᠠᠷᠠᠬᠤ ᠦᠬᠡᠢ᠂ | 2017 ᠣᠨ ᠤ ᠪᠣᠰᠣᠳ ᠬᠤᠰᠢᠭᠤ ᠰᠢᠶᠠᠨ ᠤ ᠲᠡᠭᠤᠷᠢᠶᠠᠨ ᠦᠷᠨᠢᠬᠦᠯᠬᠦ ᠠᠵᠢᠯ ᠤᠨ ᠬᠢᠯᠠᠰ ᠴᠢᠭ ᠪᠣᠯᠣᠭᠰᠠᠨ | ᠪᠠᠶᠢᠨ᠎ᠠ᠃ | ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ︾ ᠬᠡᠳᠡᠭ ᠨᠢ ᠨᠢᠬᠡ ᠨᠡᠶᠢᠬᠡᠮ ᠲᠣᠭᠤᠷᠢᠭ ᠢ ᠲᠣᠰ | ᠪᠦᠷᠢ ᠨᠢᠬᠡ ᠭᠠᠴᠠᠭ᠎ᠠ ᠲᠠᠢ ᠬᠠᠷᠢᠯᠴᠠᠨ ᠬᠤᠯᠪᠣᠭᠠᠯᠠᠨ᠂ ᠨᠡᠶᠢᠬᠡᠮ ᠲᠣᠭᠤᠷᠢᠭ ᠬᠢᠬᠡᠳ ᠭᠠᠴᠠᠭᠠᠨ ᠤ | ᠵᠦᠪᠯᠡᠯ ᠤᠨ ᠬᠢᠨ ᠬᠠᠮᠳᠣᠷᠠᠯᠴᠠᠨ ᠡᠯ᠎ᠡ ᠲᠦᠷᠦᠯ ᠤᠨ ᠬᠤᠷᠠᠯ ᠰᠣᠷᠣᠯᠴᠠᠯᠭ᠎ᠠ᠂ ᠣᠷᠣᠯᠳᠣᠭᠠᠨ ᠲᠡᠮᠡᠴᠡᠬᠡᠨ ᠤ | ᠠᠵᠢᠯᠯᠠᠭ᠎ᠠ ᠦᠷᠨᠢᠬᠦᠯᠬᠦ ᠪᠣᠶᠣ ᠰᠠᠭᠤᠭᠠᠯᠢ ᠠᠷᠠᠳ ᠬᠢᠬᠡᠳ ᠮᠠᠯᠴᠢᠨ ᠲᠦᠮᠡᠨ ᠳᠤ ᠬᠠᠷᠢᠯᠴᠠᠨ ᠦᠢᠯᠡᠴᠢᠯᠡᠭᠡ | ᠬᠠᠩᠭᠠᠬᠤ ᠨᠠᠮ ᠤᠨ ᠵᠣᠬᠢᠶᠠᠨ ᠪᠠᠶᠢᠭᠤᠯᠣᠯᠳᠠ ᠶᠢᠨ ᠠᠵᠢᠯ ᠤᠨ ᠰᠢᠨ᠎ᠡ ᠬᠡᠯᠪᠡᠷᠢ ᠮᠠᠶ᠋ᠢᠭ ᠪᠣᠯᠣᠨ᠎ᠠ᠃ | ᠬᠤᠶᠠᠷ ᠵᠢᠯ ᠭᠠᠷᠦᠢ ᠶᠢᠨ ᠲᠣᠷᠰᠢᠳᠠ᠂ ᠣᠯᠢᠶᠠᠰᠣᠳᠠᠢ ᠪᠠᠯᠭᠠᠰᠣ ᠨᠢ ᠣᠷᠢᠳ ᠬᠤᠵᠢᠳ 58 ᠣᠳᠠᠭᠠᠨ ᠤ | ᠡᠯ᠎ᠡ ᠲᠦᠷᠦᠯ ᠤᠨ ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ︾ ᠰᠢᠷᠢᠰ ᠠᠵᠢᠯᠯᠠᠭ᠎ᠠ ᠦᠷᠨᠢᠬᠦᠯᠵᠣ᠂ | ᠠᠬᠤᠢ ᠲᠠᠯᠠᠪᠣᠷ ᠲᠤ ᠬᠠᠣᠯᠢ ᠴᠠᠭᠠᠵᠠ᠂ ᠬᠤᠷᠰᠢᠭᠰᠠᠨ ᠡᠮᠨᠡᠯᠬᠡ᠂ ᠨᠠᠰᠣᠵᠢᠯ ᠤᠨ ᠲᠠᠭᠠᠳᠬᠠᠯ᠂ ᠲᠦᠯᠦᠪᠯᠡᠬᠡᠳᠣ | ᠦᠷᠡᠵᠢᠯ᠂ ᠡᠷᠡᠬᠦᠯ ᠬᠠᠮᠠᠭᠠᠯᠠᠯ ᠵᠡᠷᠭᠡ ᠡᠯ᠎ᠡ ᠲᠦᠷᠦᠯ ᠤᠨ ᠦᠢᠯᠡᠴᠢᠯᠡᠭᠡ ᠬᠠᠩᠭᠠᠭᠰᠠᠨ ᠮᠦᠷᠳᠡᠭᠡᠨ ᠱᠠᠭ᠎ᠠ ᠬᠠᠶᠠᠬᠤ᠂ | ᠲᠡᠭᠡᠰᠣ ᠳᠠᠲᠠᠬᠤ᠂ ᠰᠢᠳᠠᠷ᠎ᠠ ᠮᠦᠷᠦ᠋ᠢᠴᠡᠬᠦ᠂ ᠬᠦᠴᠦᠨ ᠵᠠᠯᠭᠠᠵᠣ ᠬᠦᠶᠦᠬᠦ ᠵᠡᠷᠭᠡ ᠡᠯᠪᠡᠭ ᠪᠠᠶᠠᠯᠢᠭ ᠠᠭᠤᠯᠭ᠎ᠠ ᠲᠠᠢ | ᠣᠷᠣᠯᠳᠣᠭᠠᠨ ᠲᠡᠮᠡᠴᠡᠬᠡᠨ ᠦᠷᠨᠢᠬᠦᠯᠬᠦ ᠪᠠᠷ ᠲᠠᠮᠵᠢᠨ᠂ ᠨᠡᠶᠢᠬᠡᠮ ᠲᠣᠭᠤᠷᠢᠭ ᠤᠨ ᠰᠠᠭᠤᠭᠠᠯᠢ ᠠᠷᠠᠳ ᠬᠢᠬᠡᠳ | ᠭᠠᠴᠠᠭᠠᠨ ᠤ ᠮᠠᠯᠴᠢᠨ ᠲᠦᠮᠡᠨ ᠳᠤ ᠬᠠᠷᠢᠯᠴᠠᠨ ᠣᠶᠢᠯᠠᠭᠠᠯᠴᠠᠨ ᠬᠠᠷᠢᠯᠴᠠᠨ ᠬᠠᠪᠰᠣᠷᠤᠯᠴᠠᠬᠤ ᠰᠢᠨ᠎ᠡ ᠲᠠᠪᠴᠠᠩ ᠢ | ᠪᠣᠢ ᠪᠣᠯᠭᠠᠨ᠂ ᠨᠡᠶᠢᠳᠡ 2800 ᠭᠠᠷᠦᠢ ᠬᠦᠮᠦᠨ ᠣᠳᠠᠭ᠎ᠠ ᠳᠤ ᠠᠰᠢᠭ ᠬᠦᠷᠳᠡᠭᠡᠭᠰᠡᠨ ᠪᠠᠶᠢᠨ᠎ᠠ᠃ ᠨᠢᠳᠦᠨᠣᠨ ᠵᠢᠯ | ᠣᠯᠢᠶᠠᠰᠣᠳᠠᠢ ᠪᠠᠯᠭᠠᠰᠣᠨ ᠤ ᠨᠠᠮ ᠵᠠᠰᠠᠭ ᠨᠢ ᠬᠤᠰᠢᠭᠤ ᠣᠯᠠᠭᠠᠨᠮᠦ᠋ᠴᠢᠷ ᠲᠠᠢ ᠬᠠᠷᠢᠯᠴᠠᠨ᠂ ᠡᠯ᠎ᠡ ᠨᠡᠶᠢᠬᠡᠮ | ᠲᠣᠭᠤᠷᠢᠭ ᠲᠤ ︽ᠬᠠᠷᠢᠯᠴᠠᠨ ᠬᠠᠮᠵᠢᠯᠴᠠᠨ ᠬᠠᠮᠳᠣᠪᠠᠷ ᠴᠣᠭᠴᠠᠯᠠᠬᠤ﹀ ᠰᠢᠷᠢᠰ ᠬᠦᠳᠡᠯᠬᠡᠬᠡᠨ ᠵᠢᠴᠢ | ᠣᠯᠠᠭᠠᠨᠮᠦ᠋ᠴᠢᠷ ᠤᠨ ᠲᠣᠭᠯᠠᠯᠳᠠ︾ 8 ᠲᠠᠯᠠᠪᠠᠢ ᠦᠷᠨᠢᠬᠦᠯᠵᠣ᠂ ᠣᠯᠠᠨ ᠲᠦᠮᠡᠨ ᠳᠤ ᠪᠠᠨ ᠣᠷᠠᠨ ᠰᠠᠶᠢᠬᠠᠨ ᠤ | ᠲᠣᠭᠯᠠᠯᠳᠠ ᠶᠢ ᠰᠣᠨᠢᠷᠬᠠᠭᠤᠯᠣᠭᠰᠠᠨ ᠢᠶᠠᠷ ᠪᠠᠷᠠᠬᠤ ᠦᠬᠡᠢ᠂ ᠰᠠᠭᠤᠭᠠᠯᠢ ᠠᠷᠠᠳ ᠬᠢᠬᠡᠳ ᠮᠠᠯᠴᠢᠨ ᠲᠦᠮᠡᠨ ᠢ | ᠣᠷᠣᠯᠴᠠᠭᠤᠯᠤᠨ ᠲᠣᠭᠯᠠᠯᠳᠠ ᠭᠠᠷᠭᠠᠵᠣ᠂ ᠦᠪᠡᠷ ᠦᠪᠡᠷ ᠤᠨ ᠣᠷ᠎ᠠ ᠠᠪᠢᠶᠠᠰ ᠢᠶᠠᠨ ᠭᠠᠶᠢᠬᠠᠭᠤᠯᠣᠨ ᠪᠠᠳᠠᠷᠠᠭᠤᠯᠬᠤ | ᠠᠵᠠ ᠲᠣᠬᠢᠶᠠᠯ ᠢ ᠣᠯᠭᠤᠨ᠂ ᠠᠷᠠᠳ ᠣᠯᠠᠨ ᠤ ᠣᠶᠣᠨ ᠰᠠᠨᠠᠭᠠᠨ ᠤ ᠠᠮᠢᠳᠣᠷᠠᠯ ᠢ ᠪᠠᠶᠠᠯᠢᠭᠵᠢᠭᠤᠯᠣᠭᠰᠠᠨ ᠪᠠᠶᠢᠨ᠎ᠠ | ᠃ | ᠣᠯᠢᠶᠠᠰᠣᠳᠠᠢ ᠪᠠᠯᠭᠠᠰᠣ ᠨᠢ ︽ᠬᠠᠷᠢᠯᠴᠠᠨ ᠬᠠᠮᠵᠢᠯᠴᠠᠨ ᠬᠠᠮᠳᠣᠪᠠᠷ ᠪᠠᠶᠢᠭᠤᠯᠬᠤ︾ ᠠᠵᠢᠯ ᠤᠨ | ᠲᠣᠭᠳᠠᠴᠠ ᠶᠢ ᠬᠡᠷᠡᠭᠵᠢᠬᠦᠯᠦᠭᠰᠡᠨ ᠠᠴᠠ ᠨᠠᠭᠠᠰᠢ᠂ ᠭᠠᠴᠠᠭ᠎ᠠ ᠪᠣᠯᠣᠨ ᠨᠡᠶᠢᠬᠡᠮ ᠲᠣᠭᠤᠷᠢᠭ ᠤᠨ ᠬᠢᠨ ᠬᠠᠷᠢᠯᠴᠠᠨ | ᠣᠶᠢᠯᠠᠭᠠᠯᠴᠠᠵᠣ᠂ ᠬᠠᠷᠢᠯᠴᠠᠨ ᠲᠣᠰᠠᠯᠠᠯᠴᠠᠬᠤ ᠪᠠᠶᠢᠳᠠᠯ ᠢ ᠡᠬᠦᠳᠴᠣ᠂ ᠨᠡᠶᠢᠬᠡᠮ ᠲᠣᠭᠤᠷᠢᠭ ᠤᠨ ᠰᠠᠶᠢᠨ | ᠲᠤᠷᠠᠴᠤᠤᠨ ᠭᠠᠴᠠᠭᠠᠨ ᠤ ᠮᠠᠯᠴᠢᠳ ᠲᠠᠢ ᠬᠠᠮᠵᠢᠯᠴᠠᠨ ᠣᠷᠴᠢᠨ ᠲᠣᠭᠤᠷᠢᠨ ᠤ ᠴᠡᠪᠡᠷᠯᠡᠭᠡ ᠬᠢᠬᠦ᠂ ᠬᠤᠳᠠ | ᠣᠷᠣᠭᠰᠠᠨ ᠮᠠᠯᠴᠢᠳ ᠨᠡᠶᠢᠬᠡᠮ ᠲᠣᠭᠤᠷᠢᠭ ᠤᠨ ᠦᠢᠯᠡᠴᠢᠯᠡᠬᠡᠨ ᠤ ᠲᠦᠪ ᠲᠤ ᠬᠦᠷᠴᠣ ᠪᠠᠶ᠎ᠠ ᠪᠣᠯᠪᠠᠰᠣᠷᠠᠭᠤᠯᠣᠨ | ᠰᠢᠳᠠᠷ᠎ᠠ ᠨᠠᠭᠠᠳᠬᠤ᠂ ᠰᠠᠭᠤᠭᠠᠯᠢ ᠠᠷᠠᠳ ᠨᠢ ᠬᠦᠳᠡᠭᠡ ᠬᠦᠷᠪᠡᠯ ᠭᠠᠴᠠᠭ᠎ᠠ ᠲᠣᠰᠬᠤᠨ ᠮᠠᠯᠴᠢᠨ ᠡᠷᠦᠬᠡ ᠪᠠᠷ | ᠬᠦᠨᠵᠡᠬᠡᠶᠢᠷᠡᠵᠣ ᠮᠠᠯᠵᠢᠬᠤ ᠠᠮᠢᠳᠣᠷᠠᠯ ᠢ ᠣᠶᠢᠯᠠᠭᠠᠬᠤ ᠵᠡᠷᠭᠡ ᠡᠶ᠎ᠡ ᠵᠣᠬᠢᠴᠠᠯᠳᠣ ᠪᠠᠶᠢᠳᠠᠯ ᠢ ᠴᠣᠭᠴᠠᠯᠠᠨ᠂ ᠬᠤᠳᠠ | ᠪᠠᠯᠭᠠᠰᠣ ᠪᠠᠷ ᠬᠦᠳᠡᠭᠡ ᠲᠣᠰᠬᠤᠨ ᠢ ᠲᠠᠶᠢᠴᠢᠯᠠᠵᠣ᠂ ᠬᠤᠳᠠ ᠬᠦᠳᠡᠭᠡ ᠬᠠᠷᠢᠯᠴᠠᠨ ᠠᠬᠢᠭᠤᠯᠣᠨ᠂ ᠬᠤᠶᠠᠷ | ᠲᠠᠯ᠎ᠠ ᠪᠠᠷ ᠠᠰᠢᠭ ᠬᠦᠷᠳᠡᠵᠣ᠂ ᠬᠠᠮᠳᠣ ᠳᠠᠭᠠᠨ ᠬᠦᠭᠵᠢᠬᠦ ᠰᠢᠨ᠎ᠡ ᠪᠠᠶᠢᠳᠠᠯ ᠢ ᠪᠣᠢ ᠪᠣᠯᠭᠠᠨ ᠠᠷᠠᠳ ᠣᠯᠠᠨ ᠤ | ᠲᠠᠭᠠᠰᠢᠶᠠᠯ ᠢ ᠣᠯᠣᠭᠰᠠᠨ ᠪᠠᠶᠢᠨ᠎ᠠ᠃ |