ᠰᠢᠯᠢ ᠶᠢᠨ ᠬᠤᠳᠠ ᠨᠠᠮ ᠤᠨ ᠬᠡᠰᠢᠬᠦᠨ ᠳᠡᠭᠡᠨ ︽ᠤᠯᠤᠰ ᠳᠦᠷᠦ ᠶᠢᠨ ᠠᠮᠢᠳᠤᠷᠠᠯ ᠤᠨ ᠡᠳᠦᠷ︾ ᠢ ᠨᠢ ᠪᠡᠯᠬᠡᠯᠡᠵᠦ ᠦᠭᠪᠡ
ᠨᠡᠶᠢᠲᠡᠯᠡᠭᠰᠡᠨ ᠴᠠᠭ᠄
2017/4/6
     ︽ᠦᠨᠦᠳᠤᠷ ᠪᠤᠯ ᠳᠠ ᠢᠷᠡᠭᠤ ᠠᠯᠳᠠᠷᠳᠠᠢ ᠪᠠᠷ ᠨᠠᠮ ᠳᠤ ᠡᠯᠰᠡᠭᠳᠡᠭᠰᠡᠨ ᠡᠳᠦᠷ ᠪᠤᠯᠤᠨ᠎ᠠ᠂ ᠪᠠᠶᠢᠭᠤᠯᠭ᠎ᠠ ᠶᠢᠨ ᠪᠦᠬᠦ ᠨᠠᠮ ᠤᠨ ᠭᠡᠰᠢᠬᠦᠳ ᠳᠠᠨ ᠳᠤ ᠨᠠᠮ ᠳᠤ ᠡᠯᠰᠡᠭᠳᠡᠭᠰᠡᠨ ᠡᠳᠦᠷ ᠤᠨ ᠪᠠᠶᠠᠷ ᠬᠦᠷᠭᠡᠵᠤ ᠠᠵᠢᠯ ᠴᠢᠨᠢ ᠠᠮᠵᠢᠯᠳᠠ ᠲᠠᠢ᠂ ᠭᠡᠷ ᠪᠦᠯᠢ ᠶᠢᠨ ᠴᠢᠨᠢ ᠪᠠᠶᠠᠷ ᠵᠢᠷᠭᠠᠯᠳᠠᠢ ᠪᠠᠶᠢᠬᠤ ᠶᠢ ᠬᠦᠰᠡᠶ᠎ᠠ᠂ ᠬᠤᠶᠢᠰᠢᠳᠡ ᠡᠬᠢ ᠦᠨᠳᠦᠰᠦ ᠪᠠᠨ ᠮᠡᠷᠳᠡᠯ ᠦᠭᠡᠢ᠂ ᠨᠠᠮ ᠳᠤ ᠤᠷᠤᠬᠰᠠᠨ ᠳᠠᠩᠭᠠᠷᠢᠬ ᠢᠶᠠᠨ ᠪᠤᠳᠠᠳᠠᠶᠢᠵᠢᠭᠤᠯᠵᠤ᠂ ᠵᠤᠬᠢᠶᠠᠨ ᠪᠠᠶᠢᠭᠤᠯᠤᠯᠳᠠ ᠶᠢᠨ ᠺᠠᠳ᠋ᠷ ᠤᠨ ᠵᠢᠱᠢᠶᠡᠴᠢ ᠳᠦᠷᠢ ᠳᠦᠷᠬᠦ ᠪᠠᠨ ᠨᠡᠩ ᠰᠠᠶᠢᠳᠦᠷ ᠪᠠᠳᠠᠷᠠᠭᠤᠯᠤᠭᠠᠷᠠᠢ︾ ᠭᠡᠵᠤ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠪᠦᠬᠦ ᠬᠤᠳᠠ ᠶᠢᠨ ᠨᠠᠮ ᠤᠨ ᠭᠡᠰᠢᠬᠦᠳ ᠤᠨ ᠳᠤᠮᠳᠠ ᠬᠠᠮᠤᠬ ᠳᠦᠷᠦᠬᠦᠯᠡᠨ ᠪᠠᠶᠢᠭᠤᠯᠭ᠎ᠠ ᠶᠢᠨ ᠨᠠᠮ ᠤᠨ ᠡᠬᠦᠷ ᠤᠨ ᠬᠤᠶᠠᠷ ᠨᠠᠮ ᠤᠨ ᠭᠡᠰᠢᠬᠦᠨ ᠳᠡᠭᠡᠨ ︽ᠤᠯᠤᠰ ᠳᠦᠷᠦ ᠶᠢᠨ ᠠᠮᠢᠳᠤᠷᠠᠯ ᠤᠨ ᠡᠳᠦᠷ︾ ᠢ ᠨᠢ ᠪᠡᠯᠭᠡᠯᠡᠬᠦ ᠳᠡᠭᠡᠨ ᠡᠨᠡᠬᠦ ᠦᠭᠡ ᠶᠢ ᠭᠡᠯᠡᠭᠰᠡᠨ ᠶᠤᠮ᠂ ᠡᠨᠡ ᠪᠤᠯ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠠᠴᠠ ᠦᠷᠨᠢᠬᠦᠯᠵᠤ ᠪᠠᠶᠢᠭ᠎ᠠ ᠪᠤᠳᠠᠳᠠᠢ ᠠᠵᠢᠯᠯᠠᠭ᠎ᠠ ᠶᠢᠨ ᠨᠢᠭᠡ ᠠᠭᠤᠯᠭ᠎ᠠ ᠪᠤᠯᠤᠨ᠎ᠠ᠃       ᠰᠢᠯᠢ ᠶᠢᠨ ᠬᠤᠳᠠ ᠶᠢᠨ ᠵᠤᠬᠢᠶᠠᠨ ᠪᠠᠶᠢᠭᠤᠯᠬᠤ ᠭᠡᠯᠳᠡᠰ ᠤᠨ ᠨᠠᠮ ᠤᠨ ᠡᠬᠦᠷ ᠤᠨ ᠱᠦᠵᠢ ︽ᠤᠯᠤᠰ ᠳᠦᠷᠦ ᠶᠢᠨ ᠠᠮᠢᠳᠤᠷᠠᠯ ᠤᠨ ᠡᠳᠦᠷ︾ ᠢ ᠨᠢ ᠪᠡᠯᠭᠡᠯᠡᠬᠦ ᠳᠡᠭᠡᠨ ᠳᠠᠳᠠᠨ ᠲᠠᠢ ᠰᠠᠳᠬᠢᠯ ᠪᠤᠳᠤᠯ ᠢᠶᠠᠨ ᠰᠤᠯᠢᠯᠴᠠᠵᠤ᠂ ᠳᠡᠳᠡᠨ ᠤ ᠦᠵᠡᠯ ᠰᠠᠨᠠᠭ᠎ᠠ᠂ ᠠᠵᠢᠯ ᠤᠨ ᠪᠠᠶᠢᠳᠠᠯ ᠢ ᠨᠢ ᠤᠢᠢᠯᠠᠭᠠᠵᠤ᠂ ᠠᠮᠵᠢᠯᠳᠠ ᠶᠢ ᠨᠢ ᠨᠤᠳᠠᠯᠠᠵᠤ᠂ ᠬᠦᠷᠦᠯᠴᠡᠬᠦ ᠦᠭᠡᠢ ᠳᠠᠯ᠎ᠠ ᠶᠢ ᠨᠢ ᠭᠡᠯᠡᠵᠤ ᠦᠭᠬᠦᠨ᠂ ᠬᠦᠰᠡᠯ ᠡᠷᠡᠮᠠᠯᠵᠡᠯᠡᠯ ᠪᠤᠯᠤᠨ ᠱᠠᠭᠠᠷᠳᠠᠯᠭ᠎ᠠ ᠶᠢ ᠨᠢ ᠳᠤᠷᠠᠳᠪᠠ᠃ ︽ᠤᠯᠤᠰ ᠳᠦᠷᠦ ᠶᠢᠨ ᠠᠮᠢᠳᠤᠷᠠᠯ ᠤᠨ ᠡᠳᠦᠷ︾ ᠢ ᠪᠡᠯᠭᠡᠯᠡᠬᠦ ᠠᠵᠢᠯᠯᠠᠭ᠎ᠠ ᠳᠤ ᠪᠠᠶᠢᠭᠤᠯᠭ᠎ᠠ ᠶᠢᠨ ᠪᠦᠬᠦ ᠨᠠᠮ ᠤᠨ ᠭᠡᠰᠢᠬᠦᠳ ᠨᠠᠮ ᠤᠨ ᠳᠤᠬ ᠤᠨ ᠡᠮᠤᠨ᠎ᠠ ᠳᠠᠬᠢᠨ ᠳᠠᠩᠭᠠᠷᠢᠬᠯᠠᠵᠤ᠂ ᠬᠤᠶᠠᠷ ᠠᠬᠠᠮᠠᠳ ᠨᠠᠮ ᠤᠨ ᠭᠡᠰᠢᠬᠦᠨ ᠳᠡᠭᠡᠨ ︽ᠨᠠᠮ ᠤᠨ ᠭᠡᠰᠢᠬᠦᠨ ᠤ ᠰᠤᠷᠤᠯᠴᠠᠬᠤ ᠳᠠᠪᠳᠡᠷ︾ ᠪᠤᠯᠤᠨ ᠳᠤᠷᠠᠰᠬᠠᠯ ᠤᠨ ᠪᠤᠳᠠᠰ ᠭᠠᠷᠳᠡᠭᠤᠯᠪᠠ᠃       ︽ᠬᠤᠶᠠᠷ ᠢ ᠰᠤᠷᠤᠯᠴᠠᠵᠤ ᠨᠢᠭᠡ ᠶᠢ ᠪᠡᠶᠡᠯᠡᠬᠦᠯᠬᠦ︾ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠪᠠᠶᠢᠡᠭᠭᠤᠵᠢᠭᠤᠯᠬᠤ ᠳᠦᠷᠢᠮᠵᠢᠬᠦᠯᠬᠦ ᠪᠠᠷ ᠡᠨᠡ ᠵᠢᠯ ᠰᠢᠯᠢ ᠶᠢᠨ ᠬᠤᠳᠠ ︽ᠨᠢᠭᠡ ᠤᠳᠠᠭ᠎ᠠ ᠶᠠᠷᠢᠯᠴᠠᠭ᠎ᠠ ᠬᠢᠬᠦ᠂ ᠨᠢᠭᠡ ᠤᠳᠠᠭ᠎ᠠ ᠨᠠᠮ ᠳᠤ ᠳᠠᠩᠭᠠᠷᠢᠬᠯᠠᠬᠤ᠂ ᠨᠢᠭᠡ ᠤᠳᠠᠭ᠎ᠠ ᠳᠦᠪᠯᠡᠷᠡᠬᠦᠯᠦᠨ ᠰᠤᠷᠤᠯᠴᠠᠭᠤᠯᠬᠤ᠂ ᠤᠯᠤᠰ ᠳᠦᠷᠦ ᠶᠢᠨ ᠠᠮᠢᠳᠤᠷᠠᠯ ᠤᠨ ᠪᠡᠯᠡᠭ ᠬᠦᠷᠭᠡᠬᠦ︾ ᠵᠡᠷᠭᠡ ᠵᠢᠷᠭᠤᠭᠠᠨ ᠨᠢᠭᠡ ᠶᠢᠨ ᠠᠭᠤᠯᠭ᠎ᠠ ᠲᠠᠢ ︽ᠤᠯᠤᠰ ᠳᠦᠷᠦ ᠶᠢᠨ ᠠᠮᠢᠳᠤᠷᠠᠯ ᠤᠨ ᠡᠳᠦᠷ︾ ᠤᠨ ᠭᠤᠤᠯ ᠰᠡᠳᠤᠪᠳᠦ ᠠᠵᠢᠯᠯᠠᠭ᠎ᠠ ᠦᠷᠨᠢᠬᠦᠯᠦᠭᠰᠡᠨ ᠶᠤᠮ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号