ᠲᠠᠶᠢᠹᠦᠰᠧ ᠬᠤᠰᠢᠭᠤ ᠨᠤᠲᠤᠭ ᠤᠰᠦ ᠪᠠᠨ ᠥᠷᠭᠡᠨ ᠢᠶᠠᠷ ᠤᠬᠠᠭᠤᠯᠤᠨ ᠲᠠᠨᠢᠯᠴᠠᠭᠤᠯᠪᠠ
ᠨᠡᠶᠢᠲᠡᠯᠡᠭᠰᠡᠨ ᠴᠠᠭ᠄
2017/5/16
    4 ᠳ᠋ᠤᠭᠡᠷ ᠰᠠᠷ᠎ᠠ ᠶᠢᠨ 27 — 5 ᠳ᠋ᠤᠭᠠᠷ ᠰᠠᠷ᠎ᠠ ᠶᠢᠨ 5᠎ ᠤ ᠡᠳᠦᠷ ᠬᠦᠷᠳᠡᠯ᠎ᠡ ᠶᠠᠪᠤᠭᠳᠠᠬᠰᠠᠨ ︽2017 ᠤᠨ ᠤ ᠰᠢᠯᠢ ᠶᠢᠨ ᠭᠤᠤᠯ ᠠᠶᠢᠮᠠᠭ ᠤᠨ ᠵᠤᠭᠠᠴᠠᠯ ᠤᠨ ᠤᠬᠠᠭᠤᠯᠭ᠎ᠠ ᠶᠢᠨ ᠭᠠᠷᠠᠭ︾᠎ ᠤᠨ ᠠᠵᠢᠯᠯᠠᠭ᠎ᠠ ᠳᠤ ᠲᠠᠶᠢᠹᠤᠰᠧ ᠬᠤᠰᠢᠭᠤ 4 ᠭᠤᠤᠯᠳᠠᠯᠭ᠎ᠠ ᠲᠠᠢ ᠤᠬᠠᠭᠤᠯᠬᠤ ᠬᠤᠰᠢᠭᠤ ᠰᠢᠶᠠᠨ ᠤ ᠨᠢᠬᠡ ᠪᠠᠷ ᠤᠷᠤᠯᠴᠠᠭᠰᠠᠨ ᠪᠠᠶᠢᠨ᠎ᠠ     ᠲᠤᠰ ᠬᠤᠰᠢᠭᠤ ᠡᠨᠡ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠲᠤᠬᠢᠶᠠᠯ ᠪᠤᠯᠭᠠᠨ᠂ ᠲᠠᠯ᠎ᠠ ᠨᠤᠳᠤᠭ ᠤᠨ ᠰᠤᠶᠤᠯ ᠵᠤᠭᠠᠴᠠᠯ ᠤᠨ ᠥᠢᠯᠡᠰ ᠢᠶᠠᠨ ᠤᠯᠤᠰ ᠲᠠᠶᠠᠭᠠᠷ ᠲᠤ ᠤᠬᠠᠭᠤᠯᠤᠨ ᠲᠠᠨᠢᠭᠤᠯᠬᠤ ᠶᠢᠨ ᠲᠦᠯᠦᠬᠡ 9 ᠮᠢᠨᠦ᠋ᠲ ᠤᠨ ᠤᠬᠠᠭᠤᠯᠭ᠎ᠠ ᠶᠢᠨ ᠹᠢᠯᠢᠮ ᠰᠢᠩᠬᠡᠬᠡᠨ ᠦᠢᠯᠡᠳᠴᠦ᠂ ᠲᠡᠦᠬᠡ ᠰᠤᠶᠤᠯ᠂ ᠠᠵᠤ ᠠᠬᠤᠢ ᠨᠡᠶᠢᠬᠡᠮ᠂ ᠵᠠᠮ ᠬᠠᠷᠢᠯᠴᠠᠭ᠎ᠠ᠂ ᠪᠠᠶᠢᠭᠠᠯᠢ ᠤᠷᠴᠢᠨ᠂ ᠡᠬᠢ ᠪᠠᠶᠠᠯᠢᠭ᠂ ᠰᠤᠶᠤᠯ ᠢᠷᠭᠡᠨᠰᠢᠯ᠂ ᠭᠠᠷᠤᠯᠳᠠ ᠪᠦᠳᠦᠭᠡᠭᠳᠡᠬᠦᠨ᠂ ᠢᠳᠡᠭᠡᠨ ᠤᠮᠳᠠᠭᠠᠨ ᠵᠢᠴᠢ ᠵᠤᠭᠠᠴᠠᠯ ᠤᠨ ᠵᠠᠮ ᠱᠤᠭᠤᠮ ᠵᠡᠷᠭᠡ ᠤᠯᠠᠨ ᠲᠠᠯ᠎ᠠ ᠠᠴᠠ ᠬᠤᠰᠢᠭᠤ ᠨᠤᠳᠤᠭ ᠤᠨ ᠢᠶᠠᠨ ᠦᠩᠬᠡ ᠲᠦᠷᠬᠦ ᠶᠢ ᠲᠠᠨᠢᠯᠴᠠᠭᠤᠯᠪᠠ᠃ ᠡᠨᠡᠬᠦ ᠰᠠᠭᠤᠷᠢᠨ ᠲᠡᠭᠡᠷ᠎ᠡ ᠪᠠᠨ ᠪᠠᠰᠠ ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ᠂ ᠲᠡᠦᠬᠡ ᠰᠤᠶᠤᠯ ᠤᠨ ᠤᠯᠠᠮᠵᠢᠯᠠᠯ᠂ ᠵᠤᠭᠠᠴᠠᠯ ᠤᠨ ᠦᠢᠯᠡᠰ ᠤᠨ ᠬᠥᠭᠵᠢᠯᠲᠡ ᠶᠢ ᠬᠠᠷᠠᠭᠤᠯᠤᠭᠰᠠᠨ 300 ᠭᠠᠷᠤᠢ ᠬᠤᠪᠢ ᠵᠢᠷᠤᠭ ᠰᠡᠬᠦᠳᠡᠷ ᠢ ᠰᠤᠩᠭᠤᠨ ᠡᠮᠬᠢᠳᠭᠡᠵᠦ᠂ PPT ᠬᠡᠯᠪᠡᠷᠢ ᠪᠠᠷ ᠤᠬᠠᠭᠤᠯᠤᠭᠰᠠᠨ ᠪᠥᠭᠡᠳ ︽ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ︾᠂ ︽ᠬᠦᠨᠪᠤᠯᠠᠭ ᠨᠤᠳᠤᠭ ᠤᠨ ᠴᠡᠭᠡ ᠶᠢᠨ ᠨᠠᠶᠢᠷ︾᠂ ︽ᠲᠠᠶᠢᠹᠤᠰᠧ ᠬᠤᠰᠢᠭᠤᠨ ᠤ ᠵᠤᠭᠠᠴᠠᠯ ᠤᠨ ᠵᠢᠯᠤᠭᠤᠳᠤᠮᠵᠢ︾ ᠵᠡᠷᠭᠡ ᠵᠢᠷᠤᠭᠳᠤ ᠲᠡᠪᠳᠡᠷ ᠢ 10000 ᠭᠠᠷᠤᠢ ᠬᠤᠪᠢ ᠭᠡᠪᠯᠡᠬᠦᠯᠵᠥ ᠲᠠᠷᠬᠠᠭᠠᠵᠠᠢ᠃       ᠲᠤᠰ ᠬᠤᠰᠢᠭᠤ ᠪᠠᠰᠠ ᠤᠷᠤᠨ ᠨᠤᠳᠤᠭ ᠤᠨ ᠨᠡᠷᠡᠳᠦ ᠪᠦᠳᠦᠭᠡᠭᠳᠡᠬᠦᠨ ︽ᠲᠠᠯ᠎ᠠ ᠨᠤᠳᠤᠭ︾ ᠨᠡᠷᠡᠮᠵᠢᠲᠤ ᠬᠠᠷ᠎ᠠ ᠠᠷᠢᠬᠢ᠂ ︽ᠬᠤᠩ ᠵᠢᠩ ᠶᠤᠸᠠᠨ︾ ᠬᠤᠮᠠ ᠶᠢᠨ ᠲᠤᠰᠤ ᠵᠢᠴᠢ ᠬᠠᠳᠠᠭᠠᠭᠰᠠᠨ ᠪᠤᠷᠴᠠ᠂ ᠲᠦᠮᠦᠰᠦ ᠮᠡᠳᠦ ᠶᠢᠨ 100 ᠭᠠᠷᠤᠢ ᠵᠦᠢᠯ ᠤᠨ ᠤᠨᠴᠠᠯᠢᠭᠳᠤ ᠪᠠᠷᠠᠭ᠎ᠠ ᠲᠠᠸᠠᠷ᠂ ᠪᠤᠬᠢᠷᠳᠤᠯ ᠦᠬᠡᠢ ᠭᠠᠷᠤᠯᠳᠠ ᠪᠦᠳᠦᠭᠡᠭᠳᠡᠬᠦᠨ ᠢᠶᠠᠨ ᠰᠤᠩᠭᠤᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠯᠠᠭᠴᠢᠳ ᠲᠤ ᠲᠡᠯᠬᠡᠨ ᠦᠵᠡᠬᠦᠯᠵᠦ᠂ ᠠᠮᠳᠠᠯᠠᠭᠤᠯᠤᠨ ᠲᠠᠨᠢᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号