5 ᠳ᠋ᠤᠭᠠᠷ ᠰᠠᠷ᠎ᠠ ᠶᠢᠨ 12 ᠤᠨ ᠡᠲᠥᠷ᠂ ᠥᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠠᠢ ᠰᠢᠶᠠᠩ | ᠴᠢᠶᠦ᠋ᠨ ᠮᠠᠨ ᠤ ᠠᠶᠢᠮᠠᠭ ᠲᠤ ᠢᠷᠡᠵᠥ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ᠂ | ᠰᠢᠯᠢ ᠶᠢᠨ ᠬᠤᠲᠠ ᠶᠢᠨ ᠹᠸᠡᠭ ᠬᠤᠸᠠᠩ ᠠᠳᠤᠭᠤᠨ ᠲᠠᠯᠠᠪᠠᠢ ᠵᠡᠷᠭᠡ ᠭᠠᠵᠠᠷ ᠲᠤ ᠬᠥᠨᠵᠡᠭᠡᠶᠢᠷᠡᠨ ᠪᠠᠶᠢᠴᠠᠭᠠᠨ | ᠰᠤᠲᠤᠯᠤᠯᠲᠠ ᠬᠢᠵᠥ᠂ ᠮᠠᠨ ᠤ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠥᠵᠢᠯ᠂ ᠰᠤᠶᠤᠯ ᠤᠨ ᠠᠵᠤ | ᠥᠢᠯᠡᠰ ᠵᠢᠴᠢ ᠬᠥᠯ ᠪᠥᠮᠪᠦᠭᠡ ᠶᠢᠨ ᠥᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠲᠠᠯ ᠢ ᠤᠢᠢᠯᠠᠭᠠᠭᠰᠠᠨ | ᠪᠥᠭᠡᠳ ᠪᠤᠲᠠᠲᠠᠢ ᠱᠠᠭᠠᠷᠲᠠᠯᠭ᠎ᠠ ᠲᠤᠷᠠᠳᠴᠠᠢ᠃ | ᠪᠠᠢ ᠰᠢᠶᠠᠩ ᠴᠢᠶᠦ᠋ᠨ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ ᠶᠢᠨ ᠪᠡᠶ᠎ᠠ ᠶᠢᠨ | ᠲᠠᠮᠢᠷ ᠤᠨ ᠲᠡᠭᠡᠲᠥ ᠰᠤᠷᠭᠠᠭᠤᠯᠢ ᠪᠤᠯᠤᠨ ᠮᠤᠷᠢᠨ ᠮᠡᠷᠭᠡᠵᠢᠯ ᠤᠨ ᠲᠡᠭᠡᠲᠥ ᠰᠤᠷᠭᠠᠭᠤᠯᠢ ᠳᠤ ᠢᠷᠡᠵᠥ᠂ ᠬᠢᠴᠢᠶᠡᠯ | ᠲᠥᠷᠥᠯ ᠤᠨ ᠲᠤᠬᠢᠷᠠᠭᠤᠯᠤᠯᠲᠠ᠂ ᠪᠠᠭᠰᠢ ᠶᠢᠨ ᠡᠩᠨᠡᠭᠡᠨ ᠤ ᠲᠤᠬᠢᠷᠠᠭᠤᠯᠤᠯᠲᠠ᠂ ᠲᠠᠯᠠᠪᠠᠢ ᠤᠷᠲᠤᠨ ᠤ ᠪᠥᠲᠥᠭᠡᠨ | ᠪᠠᠶᠢᠭᠤᠯᠤᠯᠲᠠ ᠵᠡᠷᠭᠡ ᠪᠠᠶᠢᠲᠠᠯ ᠢ ᠨᠠᠷᠢᠨ ᠤᠢᠢᠯᠠᠭᠠᠭᠰᠠᠨ ᠪᠥᠭᠡᠳ ᠲᠡᠭᠡᠲᠥ ᠰᠤᠷᠭᠠᠭᠤᠯᠢ ᠶᠢᠨ | ᠬᠠᠷᠢᠭᠤᠴᠠᠯᠭᠠᠲᠠᠨ ᠲᠠᠢ ᠰᠤᠷᠭᠠᠨ ᠬᠥᠮᠥᠵᠢᠯ ᠤᠨ ᠬᠥᠭᠵᠢᠯᠲᠡ ᠶᠢᠨ ᠲᠥᠯᠥᠪᠵᠢᠬᠦᠯᠭᠡ ᠶᠢᠨ ᠳᠤᠬᠠᠢ ᠶᠠᠷᠢᠯᠴᠠᠵᠠᠢ᠃ | ᠲᠡᠭᠡᠲᠤ ᠰᠤᠷᠭᠠᠭᠤᠯᠢ ᠨᠢ ᠭᠠᠵᠠᠷ ᠤᠷᠤᠨ ᠤ ᠪᠤᠲᠠᠲᠤ ᠪᠠᠶᠢᠲᠠᠯ ᠪᠤᠯᠤᠨ ᠠᠵᠤ ᠥᠢᠯᠡᠰ ᠤᠨ ᠬᠥᠭᠵᠢᠯᠲᠡ ᠶᠢᠨ | ᠤᠨᠴᠠᠯᠢᠭ ᠲᠠᠢ ᠨᠢᠭᠲᠠ ᠤᠶᠠᠯᠲᠤᠭᠤᠯᠵᠥ᠂ ᠠᠯᠤᠰ ᠬᠡᠲᠤ ᠠᠴᠠ ᠪᠤᠲᠤᠯᠬᠢᠯᠠᠨ ᠰᠤᠷᠭᠠᠨ ᠬᠥᠮᠥᠵᠢᠯ ᠤᠨ | ᠪᠠᠶᠢᠷᠢᠯᠠᠭᠤᠯᠤᠯᠲᠠ ᠶᠢ ᠵᠤᠬᠢᠰᠲᠠᠢ ᠲᠥᠯᠥᠪᠵᠢᠬᠦᠯᠵᠥ᠂ ᠲᠡᠭᠡᠲᠥ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠥᠵᠢᠯ ᠤᠨ ᠥᠭᠡᠷᠡᠴᠢᠯᠡᠯᠲᠡ ᠶᠢ ᠲᠥᠷᠭᠡᠳᠭᠡᠵᠥ᠂ ᠥᠢᠯᠡᠳᠪᠤᠷᠢᠯᠡᠯ᠂ ᠰᠤᠷᠤᠯᠭ᠎ᠠ᠂ ᠰᠤᠲᠤᠯᠭᠠᠨ ᠢ | ᠤᠶᠠᠯᠲᠤᠭᠤᠯᠤᠭᠰᠠᠨ ᠲᠤᠰᠬᠠᠢ ᠮᠡᠷᠭᠡᠵᠢᠯ ᠤᠨ ᠴᠢᠲᠠᠪᠤᠷᠢᠲᠠᠨ ᠢ ᠬᠥᠮᠥᠵᠢᠬᠦᠯᠬᠦ ᠲᠤᠭᠲᠠᠴᠠ ᠶᠢ ᠪᠠᠶᠢᠭᠤᠯᠵᠥ᠂ | ᠤᠷᠤᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠲᠠᠪᠤᠷᠢᠲᠠᠨ ᠤ ᠪᠠᠲᠤᠯᠠᠭ᠎ᠠ ᠬᠠᠨᠭ᠍ᠭᠠᠬᠤ ᠶᠢ | ᠬᠥᠰᠡᠪᠡ᠃ | ᠪᠡᠶ᠎ᠠ ᠶᠢᠨ ᠲᠠᠮᠢᠷ ᠤᠨ ᠲᠡᠭᠡᠲᠥ ᠰᠤᠷᠭᠠᠭᠤᠯᠢ ᠶᠢᠨ ᠬᠥᠯ ᠪᠥᠮᠪᠦᠭᠡ ᠶᠢᠨ ᠤᠷᠲᠤᠨ᠂ ᠬᠥᠯ ᠪᠥᠮᠪᠦᠭᠡ ᠶᠢᠨ | ᠲᠠᠯᠠᠪᠠᠢ ᠳᠤ᠂ ᠪᠠᠢ ᠰᠢᠶᠠᠩ ᠴᠢᠶᠦ᠋ᠨ ᠲᠠᠯᠠᠪᠠᠢ ᠪᠠ ᠤᠷᠲᠤᠨ ᠤ ᠪᠥᠲᠥᠭᠡᠨ ᠪᠠᠶᠢᠭᠤᠯᠤᠯᠲᠠ᠂ ᠲᠠᠮᠢᠷᠴᠢᠳ ᠤᠨ | ᠪᠤᠯᠪᠠᠰᠤᠷᠠᠵᠥ ᠪᠠᠶᠢᠭ᠎ᠠ ᠪᠠᠶᠢᠲᠠᠯ ᠢ ᠥᠵᠡᠪᠡ᠃ ᠲᠡᠷᠡ ᠴᠢᠬᠤᠯᠠᠴᠢᠯᠠᠬᠤ ᠳᠠᠭᠠᠨ᠂ ᠰᠤᠷᠭᠠᠭᠤᠯᠢ ᠶᠢᠨ ᠬᠥᠷᠢᠶᠡᠨ ᠤ | ᠬᠥᠯ ᠪᠥᠮᠪᠦᠭᠡ ᠶᠢᠨ ᠥᠢᠯᠡᠰ ᠤᠨ ᠬᠥᠭᠵᠢᠯᠲᠡ ᠶᠢᠨ ᠲᠥᠯᠥᠪᠵᠢᠬᠦᠯᠭᠡ ᠶᠢ ᠰᠢᠨᠵᠢᠯᠡᠬᠦ ᠤᠬᠠᠭᠠᠨᠴᠢ ᠪᠠᠷ | ᠲᠤᠭᠲᠠᠭᠠᠵᠥ᠂ ᠬᠥᠯ ᠪᠥᠮᠪᠦᠭᠡ ᠶᠢᠨ ᠪᠡᠶ᠎ᠡ ᠶᠢᠨ ᠲᠠᠮᠢᠷ ᠢ ᠶᠡᠭᠡᠪᠡᠷ ᠲᠥᠭᠡᠮᠡᠯᠵᠢᠬᠦᠯᠵᠥ᠂ ᠰᠢᠯᠢᠲᠡᠭ ᠲᠠᠮᠢᠷᠴᠢᠳ | ᠪᠤᠯᠤᠨ ᠰᠤᠷᠭᠠᠭᠴᠢᠳ ᠢ ᠬᠥᠮᠥᠵᠢᠬᠦᠯᠵᠥ᠂ ᠠᠵᠢᠯ ᠮᠡᠷᠭᠡᠵᠢᠯ ᠪᠤᠯᠤᠨ ᠬᠥᠯ ᠪᠥᠮᠪᠦᠭᠡ ᠶᠢᠨ ᠥᠢᠯᠡᠰ ᠤᠨ | ᠬᠥᠭᠵᠢᠯᠲᠡ ᠳᠤ ᠴᠢᠲᠠᠪᠤᠷᠢᠲᠠᠨ ᠬᠥᠮᠥᠵᠢᠬᠦᠯᠬᠦ ᠬᠡᠷᠡᠭᠲᠡᠢ᠃ ᠲᠠᠯᠠᠪᠠᠢ ᠪᠠ ᠤᠷᠲᠤᠨ ᠤ ᠪᠥᠲᠥᠭᠡᠨ ᠪᠠᠶᠢᠭᠤᠯᠤᠯᠲᠠ | ᠪᠤᠯᠤᠨ ᠬᠠᠮᠢᠶᠠᠷᠤᠯᠲᠠ ᠶᠢᠨ ᠲᠥᠪᠰᠢᠨ ᠢ ᠲᠡᠭᠡᠭᠰᠢᠯᠡᠬᠦᠯᠵᠥ᠂ ᠡᠯ᠎ᠠ ᠱᠠᠲᠤᠨ ᠤ ᠡᠯ᠎ᠠ ᠲᠥᠷᠥᠯ ᠤᠨ ᠤᠷᠤᠯᠲᠤᠭᠠᠨ ᠢ | ᠵᠤᠬᠢᠶᠠᠨ ᠪᠠᠶᠢᠭᠤᠯᠬᠤ ᠲᠠᠭᠠᠭᠠᠴᠢᠯᠠᠨ ᠡᠷᠬᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠬᠡᠪᠡ᠃ | ᠮᠤᠷᠢᠨ ᠮᠡᠷᠭᠡᠵᠢᠯ ᠤᠨ ᠲᠡᠭᠡᠲᠥ ᠰᠤᠷᠭᠠᠭᠤᠯᠢ ᠪᠤᠯ ᠰᠢᠯᠢ ᠶᠢᠨ ᠭᠤᠤᠯ ᠠᠶᠢᠮᠠᠭ ᠤᠨ ᠴᠤᠷ ᠤᠨ ᠭᠠᠭᠴᠠ | ᠮᠤᠷᠢᠨ ᠮᠡᠷᠭᠡᠵᠢᠯ ᠢᠶᠠᠷ ᠭᠤᠤᠯ ᠪᠤᠯᠭᠠᠭᠰᠠᠨ ᠲᠡᠭᠡᠲᠥ ᠰᠤᠷᠭᠠᠭᠤᠯᠢ ᠪᠤᠯᠤᠨ᠎ᠠ᠃ ᠪᠠᠢ ᠰᠢᠶᠠᠩ ᠴᠢᠶᠦ᠋ᠨ | ᠴᠢᠲᠠᠪᠤᠷᠢᠲᠠᠨ ᠬᠥᠮᠥᠵᠢᠬᠦᠯᠬᠦ᠂ ᠲᠤᠰᠬᠠᠢ ᠮᠡᠷᠭᠡᠵᠢᠯ ᠤᠨ ᠲᠤᠬᠢᠷᠠᠭᠤᠯᠤᠯᠲᠠ ᠵᠢᠴᠢ ᠰᠤᠷᠤᠭᠴᠢᠳ ᠤᠨ ᠰᠤᠷᠤᠯᠭ᠎ᠠ | ᠠᠮᠢᠲᠤᠷᠠᠯ ᠤᠨ ᠪᠠᠶᠢᠲᠠᠯ ᠢ ᠨᠠᠷᠢᠨ ᠤᠢᠢᠯᠠᠭᠠᠭᠰᠠᠨ ᠪᠥᠭᠡᠳ ᠤᠨᠴᠠᠯᠢᠭᠲᠤ ᠲᠤᠰᠬᠠᠢ ᠮᠡᠷᠭᠡᠵᠢᠯ ᠢ ᠰᠠᠶᠢᠲᠤᠷ | ᠡᠷᠬᠢᠯᠡᠵᠥ᠂ ᠨᠡᠩ ᠤᠯᠠᠨ ᠮᠤᠷᠢᠨ ᠮᠡᠷᠭᠡᠵᠢᠯ ᠵᠢᠴᠢ ᠠᠲᠤᠭᠤᠨ ᠰᠤᠶᠤᠯ ᠤᠨ ᠬᠠᠮᠢᠶ᠎ᠠ ᠪᠥᠬᠦᠢ ᠮᠡᠷᠭᠡᠵᠢᠯᠲᠡᠨ ᠢ | ᠬᠥᠮᠥᠵᠢᠬᠦᠯᠵᠥ᠂ ᠤᠷᠤᠨ ᠨᠤᠲᠤᠭ ᠤᠨ ᠬᠥᠭᠵᠢᠯᠲᠡ ᠳᠤ ᠨᠡᠩ ᠰᠠᠶᠢᠲᠤᠷ ᠥᠢᠯᠡᠴᠢᠯᠡᠬᠦ ᠶᠢ ᠬᠥᠰᠡᠪᠡ᠃ | ᠰᠢᠯᠢ ᠶᠢᠨ ᠬᠤᠲᠠ ᠶᠢᠨ ᠡᠮᠥᠨ᠎ᠠ ᠪᠠᠶᠢᠷᠢᠯᠠᠵᠥ ᠪᠠᠶᠢᠭ᠎ᠠ ᠹᠸᠡᠭ ᠬᠤᠸᠠᠩ ᠠᠳᠤᠭᠤᠨ ᠲᠠᠯᠠᠪᠠᠢ ᠪᠤᠯ ᠠᠲᠤᠭᠤᠨ | ᠰᠤᠶᠤᠯ ᠤᠨ ᠤᠯᠠᠮᠵᠢᠯᠠᠬᠤ᠂ ᠵᠢᠭᠠᠨ ᠰᠤᠷᠭᠠᠬᠤ᠂ ᠵᠢᠷᠤᠭ ᠰᠡᠬᠦᠲᠡᠷ ᠠᠪᠬᠤ᠂ ᠤᠷᠠᠨ ᠪᠦᠳᠦᠭᠡᠯ ᠵᠤᠬᠢᠶᠠᠨ | ᠪᠥᠲᠥᠭᠡᠬᠦ ᠪᠠᠷ ᠭᠤᠤᠯ ᠪᠤᠯᠭᠠᠭᠰᠠᠨ ᠶᠡᠷᠥᠩᠭᠡᠶᠢᠯᠡᠭᠰᠡᠨ ᠴᠢᠨᠠᠷᠲᠠᠢ ᠺᠯᠦ᠋ᠪ ᠪᠤᠯᠬᠤ ᠪᠥᠭᠡᠳ ᠪᠠᠰᠠ ᠰᠢᠯᠢ ᠶᠢᠨ ᠭᠤᠤᠯ | ᠠᠵᠢᠯ ᠮᠡᠷᠭᠡᠵᠢᠯ ᠤᠨ ᠲᠠᠭᠡᠲᠥ ᠰᠤᠷᠭᠠᠭᠤᠯᠢ ᠶᠢᠨ ᠰᠤᠷᠭᠠᠨ ᠬᠥᠮᠥᠵᠢᠯ ᠤᠨ ᠰᠠᠭᠤᠷᠢᠨ ᠪᠤᠯᠤᠨ᠎ᠠ᠃ ᠪᠠᠢ ᠰᠢᠶᠠᠩ | ᠴᠢᠶᠦ᠋ᠨ ᠵᠢᠭᠠᠬᠤ ᠳᠠᠭᠠᠨ᠂ ᠲᠤᠮᠲᠠᠲᠤ ᠤᠯᠤᠰ ᠤᠨ ᠠᠲᠤᠭᠤᠨ ᠰᠤᠶᠤᠯ ᠤᠨ ᠲᠥᠪ ᠤᠨ ᠨᠡᠷᠡᠲᠥ ᠲᠡᠮᠲᠡᠭ ᠪᠤᠯᠤᠨ | ᠨᠡᠷ᠎ᠠ ᠠᠯᠲᠠᠷᠰᠢᠯ ᠢ ᠬᠥᠢᠴᠡᠳ ᠠᠰᠢᠭᠯᠠᠵᠥ᠂ ᠵᠤᠭᠠᠴᠠᠯ ᠵᠡᠷᠭᠡ ᠬᠠᠮᠢᠶ᠎ᠠ ᠪᠥᠬᠦᠢ ᠠᠵᠤ ᠥᠢᠯᠡᠰ ᠤᠨ ᠬᠥᠭᠵᠢᠯᠲᠡ ᠶᠢ | ᠲᠠᠶᠢᠴᠢᠯᠠᠵᠥ᠂ ᠨᠡᠩ ᠤᠯᠠᠨ ᠵᠤᠭᠠᠴᠠᠭᠰᠠᠳ ᠪᠤᠯᠤᠨ ᠠᠷᠠᠯᠵᠢᠶᠠᠴᠢᠳ ᠢ ᠲᠠᠲᠠᠵᠥ᠂ ᠤᠷᠤᠨ ᠨᠤᠲᠤᠭ ᠤᠨ ᠠᠵᠤ | ᠠᠬᠤᠢ ᠶᠢᠨ ᠬᠥᠭᠵᠢᠯᠲᠡ ᠶᠢ ᠳᠠᠶᠢᠴᠢᠯᠠᠨ ᠲᠠᠭᠠᠭᠤᠯᠬᠤ ᠬᠡᠷᠡᠭᠲᠡᠢ ᠬᠡᠪᠡ᠃ | |