ᠰᠢᠯᠢ ᠶᠢᠨ ᠬᠤᠳᠠ ᠨᠤᠳᠤᠭ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠲᠤᠳᠤᠷᠬᠠᠶᠢᠯᠠᠬᠤ ᠠᠵᠢᠯ ᠢ | ᠴᠢᠬᠤᠯᠠᠴᠢᠯᠠᠨ ᠠᠳᠬᠤᠵᠦ᠂ ᠳᠤᠰᠬᠠᠢ ᠠᠵᠢᠯ ᠤᠨ ᠳᠦᠰᠦᠪ ᠲᠦᠯᠦᠪᠯᠡᠭᠡ ᠳᠤᠬᠳᠠᠭᠠᠵᠦ᠂ ᠭᠠᠴᠠᠭ᠎ᠠ ᠪᠤᠯᠭᠠᠨ | ᠮᠠᠯᠴᠢᠳ ᠤᠨ ᠬᠤᠷᠠᠯ ᠬᠤᠷᠠᠯᠳᠤᠭᠤᠯᠤᠨ᠂ ᠮᠠᠯᠴᠢᠳ ᠤᠨ ᠤᠢᠢᠯᠠᠭᠠᠵᠥ ᠮᠡᠲᠡᠬᠦ ᠥᠭᠡᠢ ᠠᠰᠠᠭᠤᠯᠲᠠ ᠳᠤ ᠲᠤᠲᠤᠷᠬᠠᠢ | ᠬᠠᠷᠢᠭᠤᠯᠲᠠ ᠥᠭᠴᠥ᠂ ᠪᠦᠬᠦ ᠬᠤᠳᠠ ᠶᠢᠨ 2349 ᠮᠠᠯᠵᠢᠬᠤ ᠡᠷᠦᠬᠡ ᠶᠢᠨ ᠦᠨᠳᠦᠰᠦᠨ ᠪᠦᠳᠦᠭᠡᠨ | ᠪᠠᠶᠢᠭᠤᠯᠤᠯᠳᠠ᠂ ᠨᠤᠳᠤᠭ ᠪᠡᠯᠴᠢᠭᠡᠷ ᠤᠨ ᠲᠠᠯᠠᠪᠠᠢ ᠶᠢ ᠬᠡᠮᠵᠢᠨ ᠵᠢᠷᠤᠬᠤ᠂ ᠲᠤᠭ᠎ᠠ ᠪᠠᠷᠢᠮᠳᠠ ᠶᠢ ᠴᠤᠬᠯᠠᠭᠤᠯᠵᠦ | ᠡᠮᠬᠢᠯᠡᠬᠦ ᠵᠡᠷᠭᠡ ᠠᠵᠢᠯ ᠢ ᠨᠠᠷᠢᠨ ᠨᠢᠮᠪᠠᠢ ᠬᠥᠢᠴᠡᠳᠭᠡᠵᠡᠢ᠃ | ᠤᠳᠤᠬᠠᠨ ᠪᠤᠯᠳᠠᠯ᠎ᠠ᠂ ᠰᠢᠯᠢ ᠶᠢᠨ ᠬᠤᠳᠠ ᠶᠢᠨ 4 ᠰᠤᠮᠤ ᠪᠠᠯᠭᠠᠰᠤᠨ ᠤ 13 ᠭᠠᠴᠠᠭᠠᠨ ᠤ 1511 | ᠡᠷᠦᠬᠡ ᠶᠢᠨ 716.5 ᠲᠦᠮᠡᠨ ᠮᠦ ᠨᠤᠳᠤᠭ ᠪᠡᠯᠴᠢᠭᠡᠷ ᠤᠨ ᠵᠠᠭᠠᠭ ᠱᠤᠭᠤᠮ ᠢ ᠢᠯᠭᠠᠨ ᠳᠤᠳᠤᠷᠬᠠᠢᠢᠯᠠᠵᠦ᠂ ᠬᠢᠨᠠᠨ | ᠬᠡᠮᠵᠢᠯᠳᠠ ᠪᠠᠷ ᠳᠠᠮᠵᠢᠭᠠᠳ 82 ᠬᠦᠮᠦᠨ ᠳᠤ ᠬᠤᠯᠪᠤᠬᠳᠠᠬᠰᠡᠨ 12.3 ᠲᠦᠮᠡᠨ ᠮᠦ ᠢᠯᠡᠬᠦᠴᠡ ᠨᠤᠲᠤᠭ ᠢ | ᠡᠬᠡᠬᠦᠯᠥᠨ ᠠᠪᠴᠦ᠂ 62 ᠬᠦᠮᠦᠨ ᠳᠤ ᠬᠤᠯᠪᠤᠬᠳᠠᠬᠰᠡᠨ 9.4 ᠲᠦᠮᠡᠨ ᠮᠦ ᠨᠤᠲᠤᠭ ᠪᠡᠯᠴᠢᠭᠡᠷ ᠢ ᠰᠢᠨ᠎ᠠ ᠪᠠᠷ | ᠠᠶᠢᠯ ᠡᠷᠦᠬᠡ ᠳᠤ ᠨᠦᠬᠦᠪᠦᠷᠢᠯᠡᠵᠦ ᠦᠭᠴᠡᠢ᠃ ᠴᠢᠶᠤᠤ ᠰᠢᠶᠤᠤ ᠴᠦᠨ ᠪᠣᠯ ᠷᠠᠰᠢᠶᠠᠨᠪᠤᠯᠠᠭ ᠪᠠᠯᠭᠠᠰᠤ ᠶᠢᠨ | ᠰᠢᠨᠡᠮᠠᠨᠳᠤᠯᠠ ᠭᠠᠴᠠᠭᠠᠨ ᠤ ᠮᠠᠯᠴᠢᠨ᠃ ᠲᠤᠰ ᠤᠳᠠᠭᠠᠨ ᠤ ᠨᠤᠳᠤᠭ ᠪᠡᠯᠴᠢᠭᠡᠷ ᠤᠨ ᠳᠠᠭᠠᠭᠠᠴᠢᠯᠠᠯᠳᠠ ᠶᠢᠨ | ᠡᠵᠡᠩᠨᠡᠯᠳᠠ ᠶᠢᠨ ᠡᠷᠬᠡ ᠶᠢ ᠲᠤᠳᠤᠷᠬᠠᠶᠢᠯᠠᠬᠤ ᠳᠤᠮᠳᠠ᠂ ᠲᠡᠲᠡᠨᠡᠶᠢᠬᠢᠨ ᠤ 3000 ᠭᠠᠷᠤᠢ ᠮᠥ ᠨᠤᠲᠤᠭ ᠪᠡᠯᠴᠢᠭᠡᠷ | ᠲᠤᠲᠠᠭᠤ ᠪᠠᠶᠢᠭᠰᠠᠨ ᠢ ᠤᠳᠤᠬᠢᠴᠢᠯᠠᠬᠰᠡᠨ ᠬᠡᠮᠵᠢᠯᠳᠠ ᠶᠢᠨ ᠪᠠᠭᠠᠵᠢ ᠳᠦᠬᠦᠭᠡᠷᠦᠮᠵᠢ ᠪᠠᠷ ᠬᠢᠨᠠᠨ ᠬᠡᠮᠵᠢᠬᠦ ᠲᠤᠮᠲᠠ | ᠮᠡᠲᠡᠵᠥ᠂ ᠬᠤᠯᠪᠤᠬᠳᠠᠯ ᠪᠦᠬᠦᠢ ᠬᠠᠤᠯᠢ ᠳᠦᠷᠢᠮ ᠶᠤᠰᠤᠭᠠᠷ ᠲᠦᠪ ᠭᠤᠤᠯᠴᠢ᠂ ᠡᠷᠬᠡ ᠳᠡᠭᠰᠢ᠂ ᠦᠨᠡᠨ | ᠪᠤᠳᠠᠳᠠᠢ ᠪᠠᠷ ᠨᠠᠷᠢᠯᠢᠭ ᠲᠤᠳᠤᠷᠬᠠᠶᠢᠯᠠᠨ ᠨᠦᠬᠦᠵᠦ ᠦᠭᠭᠦᠭᠰᠡᠨ ᠪᠠᠶᠢᠵᠠᠢ᠃ ᠴᠢᠶᠤᠤ ᠰᠢᠶᠤᠤ ᠴᠦᠨ᠄ ︽ᠡᠨᠡ | ᠤᠳᠠᠭ᠎ᠠ ᠮᠠᠨ ᠤ ᠳᠤᠳᠠᠵᠦ ᠪᠠᠶᠢᠬᠰᠡᠨ 3000 ᠭᠠᠷᠤᠢ ᠮᠦ ᠪᠡᠯᠴᠢᠭᠡᠷ ᠢ ᠨᠦᠬᠦᠵᠦ ᠦᠭᠭᠦᠯ᠎ᠠ᠃ ᠨᠤᠳᠤᠭ | ᠪᠡᠯᠴᠢᠭᠡᠷ ᠭᠡᠳᠡᠭ ᠴᠢᠨᠢ ᠮᠠᠯᠴᠢᠳ ᠤᠨ ᠠᠮᠢᠨ ᠡᠷᠳᠡᠨᠢ ᠰᠢᠤ︾ ᠭᠡᠵᠦ ᠪᠠᠶᠠᠷᠯᠠᠨ ᠶᠠᠷᠢᠵᠦ ᠪᠠᠶᠢᠯ᠎ᠠ᠃ | ᠤᠶᠢᠯᠠᠭᠠᠬᠰᠡᠨ ᠢᠶᠠᠷ᠂ ᠤᠳᠤᠬᠠᠨ ᠪᠤᠯᠳᠠᠯ᠎ᠠ ᠰᠢᠯᠢ ᠶᠢᠨ ᠬᠤᠳᠠ ᠨᠤᠳᠤᠭ ᠪᠡᠯᠴᠢᠭᠡᠷ ᠤᠨ | ᠳᠠᠭᠠᠭᠠᠴᠢᠯᠠᠯᠳᠠ ᠶᠢᠨ ᠡᠵᠡᠩᠨᠡᠯᠳᠠ ᠶᠢᠨ ᠡᠷᠬᠡ ᠶᠢ ᠲᠤᠳᠤᠷᠬᠠᠶᠢᠯᠠᠬᠤ ᠠᠵᠢᠯ ᠤᠨ 90% ᠶᠢ ᠪᠡᠶᠡᠯᠡᠬᠦᠯᠵᠦ᠂ | ᠳᠡᠭᠡᠷ᠎ᠠ ᠬᠠᠭᠠᠰ ᠵᠢᠯ ᠳᠤ ᠬᠡᠮᠵᠢᠵᠦ ᠬᠤᠪᠢᠶᠠᠷᠢᠯᠠᠬᠤ ᠠᠵᠢᠯ ᠢ ᠦᠨᠳᠦᠰᠦᠨ ᠳᠡᠭᠡᠨ ᠲᠠᠭᠤᠰᠬᠠᠨ᠎ᠠ᠃ ᠡᠨᠡᠬᠦ ᠰᠠᠭᠤᠷᠢᠨ | ᠳᠡᠭᠡᠷ᠎ᠠ ᠲᠠᠷᠠᠭᠠᠴᠢ ᠪᠠᠷ᠂ ᠭᠠᠴᠠᠭᠠᠨ ᠤ ᠬᠠᠮᠳᠦ ᠶᠢᠨ ᠨᠤᠳᠤᠭ ᠪᠡᠯᠴᠢᠭᠡᠷ ᠤᠨ ᠦᠮᠴᠢᠯᠡᠬᠦ ᠡᠷᠬᠡ ᠶᠢᠨ ᠦᠨᠡᠮᠯᠡᠯ᠂ | ᠤᠯᠤᠰ ᠤᠨ ᠡᠵᠡᠩᠨᠡᠯᠲᠡ ᠶᠢᠨ ᠮᠠᠯᠵᠢᠯ ᠲᠠᠷᠢᠶᠠᠯᠠᠩ ᠤᠨ ᠲᠠᠯᠠᠪᠠᠢ ᠶᠢᠨ ᠨᠤᠳᠤᠭ ᠪᠡᠯᠴᠢᠭᠡᠷ ᠤᠨ ᠬᠡᠷᠡᠭᠯᠡᠬᠦ ᠡᠷᠬᠡ ᠶᠢᠨ | ᠦᠨᠡᠮᠯᠡᠯ ᠪᠠ ᠮᠠᠯᠴᠢᠳ ᠤᠨ ᠳᠠᠭᠠᠭᠠᠴᠢᠯᠠᠯᠳᠠ ᠶᠢᠨ ᠡᠵᠡᠩᠨᠡᠯᠳᠠ ᠶᠢᠨ ᠡᠷᠬᠡ ᠶᠢᠨ ᠦᠨᠡᠮᠯᠡᠯ ᠵᠡᠷᠭᠡ ︽ᠭᠤᠷᠪᠠᠨ | ᠦᠨᠡᠮᠯᠡᠯ︾ ᠢ ᠤᠯᠭᠤᠬᠤ ᠪᠤᠯᠤᠨ᠎ᠠ᠃ |