4 ᠳ᠋ᠤᠭᠡᠷ ᠰᠠᠷ᠎ᠠ ᠶᠢᠨ 27 — 5 ᠳ᠋ᠤᠭᠠᠷ ᠰᠠᠷ᠎ᠠ ᠶᠢᠨ 5 ᠤ ᠡᠳᠦᠷ ᠬᠦᠷᠳᠡᠯ᠎ᠡ ᠶᠠᠪᠤᠭᠳᠠᠬᠰᠠᠨ ︽ | 2017 ᠤᠨ ᠤ ᠰᠢᠯᠢ ᠶᠢᠨ ᠭᠤᠤᠯ ᠠᠶᠢᠮᠠᠭ ᠤᠨ ᠵᠤᠭᠠᠴᠠᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠳᠤ | ᠲᠠᠶᠢᠹᠤᠰᠧ ᠬᠤᠰᠢᠭᠤ 4 ᠭᠤᠤᠯᠳᠠᠯᠭ᠎ᠠ ᠲᠠᠢ ᠤᠬᠠᠭᠤᠯᠬᠤ ᠬᠤᠰᠢᠭᠤ ᠰᠢᠶᠠᠨ ᠤ ᠨᠢᠬᠡ ᠪᠠᠷ ᠤᠷᠤᠯᠴᠠᠭᠰᠠᠨ ᠪᠠᠶᠢᠨ᠎ᠠ | ᠃ | ᠲᠤᠰ ᠬᠤᠰᠢᠭᠤ ᠡᠨᠡ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠲᠤᠬᠢᠶᠠᠯ ᠪᠤᠯᠭᠠᠨ᠂ | ᠲᠠᠯ᠎ᠠ ᠨᠤᠳᠤᠭ ᠤᠨ ᠰᠤᠶᠤᠯ ᠵᠤᠭᠠᠴᠠᠯ ᠤᠨ ᠥᠢᠯᠡᠰ ᠢᠶᠠᠨ ᠤᠯᠤᠰ ᠲᠠᠶᠠᠭᠠᠷ ᠲᠤ ᠤᠬᠠᠭᠤᠯᠤᠨ ᠲᠠᠨᠢᠭᠤᠯᠬᠤ ᠶᠢᠨ | ᠲᠦᠯᠦᠬᠡ 9 ᠮᠢᠨᠦ᠋ᠲ ᠤᠨ ᠤᠬᠠᠭᠤᠯᠭ᠎ᠠ ᠶᠢᠨ ᠹᠢᠯᠢᠮ ᠰᠢᠩᠬᠡᠬᠡᠨ ᠦᠢᠯᠡᠳᠴᠦ᠂ ᠲᠡᠦᠬᠡ ᠰᠤᠶᠤᠯ᠂ ᠠᠵᠤ ᠠᠬᠤᠢ | ᠨᠡᠶᠢᠬᠡᠮ᠂ ᠵᠠᠮ ᠬᠠᠷᠢᠯᠴᠠᠭ᠎ᠠ᠂ ᠪᠠᠶᠢᠭᠠᠯᠢ ᠤᠷᠴᠢᠨ᠂ ᠡᠬᠢ ᠪᠠᠶᠠᠯᠢᠭ᠂ ᠰᠤᠶᠤᠯ ᠢᠷᠭᠡᠨᠰᠢᠯ᠂ ᠭᠠᠷᠤᠯᠳᠠ | ᠪᠦᠳᠦᠭᠡᠭᠳᠡᠬᠦᠨ᠂ ᠢᠳᠡᠭᠡᠨ ᠤᠮᠳᠠᠭᠠᠨ ᠵᠢᠴᠢ ᠵᠤᠭᠠᠴᠠᠯ ᠤᠨ ᠵᠠᠮ ᠱᠤᠭᠤᠮ ᠵᠡᠷᠭᠡ ᠤᠯᠠᠨ ᠲᠠᠯ᠎ᠠ ᠠᠴᠠ ᠬᠤᠰᠢᠭᠤ | ᠨᠤᠳᠤᠭ ᠤᠨ ᠢᠶᠠᠨ ᠦᠩᠬᠡ ᠲᠦᠷᠬᠦ ᠶᠢ ᠲᠠᠨᠢᠯᠴᠠᠭᠤᠯᠪᠠ᠃ ᠡᠨᠡᠬᠦ ᠰᠠᠭᠤᠷᠢᠨ ᠲᠡᠭᠡᠷ᠎ᠡ ᠪᠠᠨ ᠪᠠᠰᠠ ᠪᠥᠬᠦ | ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ᠂ ᠲᠡᠦᠬᠡ ᠰᠤᠶᠤᠯ ᠤᠨ ᠤᠯᠠᠮᠵᠢᠯᠠᠯ᠂ ᠵᠤᠭᠠᠴᠠᠯ ᠤᠨ | ᠦᠢᠯᠡᠰ ᠤᠨ ᠬᠥᠭᠵᠢᠯᠲᠡ ᠶᠢ ᠬᠠᠷᠠᠭᠤᠯᠤᠭᠰᠠᠨ 300 ᠭᠠᠷᠤᠢ ᠬᠤᠪᠢ ᠵᠢᠷᠤᠭ ᠰᠡᠬᠦᠳᠡᠷ ᠢ ᠰᠤᠩᠭᠤᠨ ᠡᠮᠬᠢᠳᠭᠡᠵᠦ᠂ | PPT ᠬᠡᠯᠪᠡᠷᠢ ᠪᠠᠷ ᠤᠬᠠᠭᠤᠯᠤᠭᠰᠠᠨ ᠪᠥᠭᠡᠳ ︽ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ | ᠠᠳᠤᠭᠤᠨ ᠰᠤᠶᠤᠯ ᠤᠨ ᠨᠠᠶᠢᠷ︾᠂ ︽ᠬᠦᠨᠪᠤᠯᠠᠭ ᠨᠤᠳᠤᠭ ᠤᠨ ᠴᠡᠭᠡ ᠶᠢᠨ ᠨᠠᠶᠢᠷ︾᠂ ︽ᠲᠠᠶᠢᠹᠤᠰᠧ | ᠬᠤᠰᠢᠭᠤᠨ ᠤ ᠵᠤᠭᠠᠴᠠᠯ ᠤᠨ ᠵᠢᠯᠤᠭᠤᠳᠤᠮᠵᠢ︾ ᠵᠡᠷᠭᠡ ᠵᠢᠷᠤᠭᠳᠤ ᠲᠡᠪᠳᠡᠷ ᠢ 10000 ᠭᠠᠷᠤᠢ ᠬᠤᠪᠢ | ᠭᠡᠪᠯᠡᠬᠦᠯᠵᠥ ᠲᠠᠷᠬᠠᠭᠠᠵᠠᠢ᠃ | ᠲᠤᠰ ᠬᠤᠰᠢᠭᠤ ᠪᠠᠰᠠ ᠤᠷᠤᠨ ᠨᠤᠳᠤᠭ ᠤᠨ ᠨᠡᠷᠡᠳᠦ ᠪᠦᠳᠦᠭᠡᠭᠳᠡᠬᠦᠨ ︽ᠲᠠᠯ᠎ᠠ ᠨᠤᠳᠤᠭ︾ ᠨᠡᠷᠡᠮᠵᠢᠲᠤ | ᠬᠠᠷ᠎ᠠ ᠠᠷᠢᠬᠢ᠂ ︽ᠬᠤᠩ ᠵᠢᠩ ᠶᠤᠸᠠᠨ︾ ᠬᠤᠮᠠ ᠶᠢᠨ ᠲᠤᠰᠤ ᠵᠢᠴᠢ ᠬᠠᠳᠠᠭᠠᠭᠰᠠᠨ ᠪᠤᠷᠴᠠ᠂ ᠲᠦᠮᠦᠰᠦ | ᠮᠡᠳᠦ ᠶᠢᠨ 100 ᠭᠠᠷᠤᠢ ᠵᠦᠢᠯ ᠤᠨ ᠤᠨᠴᠠᠯᠢᠭᠳᠤ ᠪᠠᠷᠠᠭ᠎ᠠ ᠲᠠᠸᠠᠷ᠂ ᠪᠤᠬᠢᠷᠳᠤᠯ ᠦᠬᠡᠢ ᠭᠠᠷᠤᠯᠳᠠ | ᠪᠦᠳᠦᠭᠡᠭᠳᠡᠬᠦᠨ ᠢᠶᠠᠨ ᠰᠤᠩᠭᠤᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠯᠠᠭᠴᠢᠳ ᠲᠤ ᠲᠡᠯᠬᠡᠨ | ᠦᠵᠡᠬᠦᠯᠵᠦ᠂ ᠠᠮᠳᠠᠯᠠᠭᠤᠯᠤᠨ ᠲᠠᠨᠢᠭᠤᠯᠤᠭᠰᠠᠨ ᠪᠠᠶᠢᠨ᠎ᠠ᠃ |