ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠪᠠ ᠤᠯᠤᠰ ᠂ ᠦᠪᠡᠷᠳᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠠᠵᠢᠯ ᠤᠨ | ᠴᠢᠭᠯᠡᠯᠳᠡ᠂ ᠲᠦᠷᠦ ᠶᠢᠨ ᠪᠤᠳᠤᠯᠭ᠎ᠠ ᠂ ᠬᠠᠤᠯᠢ ᠴᠠᠭᠠᠵᠠ᠂ ᠲᠦᠷᠢᠮ ᠲᠤᠬᠳᠠᠭᠠᠯ ᠢ ᠨᠠᠶᠢᠳᠠᠪᠤᠷᠢᠵᠢᠭᠤᠯᠵᠤ︔ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢ ᠶᠢ ᠲᠤᠤᠱᠯᠠᠭᠤᠯᠤᠨ ᠬᠡᠷᠡᠭᠵᠢᠭᠦᠯᠵᠤ᠂ ᠪᠦᠬᠦ ᠠᠶᠢᠮᠠᠭ | ᠤᠨ ᠰᠣᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠤᠯᠤᠨ ᠰᠤᠷᠭᠠᠨ | ᠬᠦᠮᠦᠵᠢᠯ ᠤᠨ ᠠᠵᠢᠯ ᠤᠶᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠂ ᠠᠷᠭ᠎ᠠ | ᠬᠡᠮᠵᠢᠶ᠎ᠡ ᠶᠢ ᠰᠣᠳᠤᠯᠤᠨ ᠲᠤᠬᠳᠠᠭᠠᠬᠤ ᠪᠠᠷ ᠦᠯᠦ ᠪᠠᠷᠠᠮ ᠵᠤᠬᠢᠶᠠᠨ ᠪᠠᠶᠢᠭᠤᠯᠤᠨ ᠬᠢᠨᠠᠯᠳᠠ ᠲᠠᠯᠪᠢᠨ | ᠬᠡᠷᠡᠭᠵᠢᠭᠦᠯᠦᠨ ᠬᠦᠢᠴᠡᠳᠬᠡᠨ᠎ᠡ᠃ | ︵ᠬᠤᠶᠠᠷ︶ ᠡᠯ᠎ᠡ ᠱᠠᠳᠤᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠢ ᠨᠢᠭᠡᠳᠦᠯᠳᠡᠢ ᠲᠦᠯᠦᠪᠵᠢᠭᠦᠯᠵᠤ᠂ | ᠬᠠᠮᠢᠶᠠᠷᠤᠯᠳᠠ ᠶᠢ ᠵᠤᠬᠢᠴᠠᠭᠤᠯᠤᠨ᠂ ᠲᠤᠮᠳᠠᠳᠤ ᠵᠡᠷᠭᠡ᠂ ᠠᠩᠬ᠎ᠠ ᠵᠡᠷᠭᠡ ᠶᠢᠨ ᠰᠣᠷᠭᠠᠨ ᠬᠦᠮᠦᠵᠢᠯ ᠤᠨ ᠪᠦᠳᠦᠭᠡᠨ | ᠪᠠᠶᠢᠭᠤᠯᠬᠤ ᠪᠠᠷᠢᠮᠵᠢᠶ᠎ᠠ ᠪᠠᠷ ᠵᠢᠭᠠᠨ ᠵᠢᠯᠤᠭᠤᠳᠴᠤ᠂ ᠡᠯ᠎ᠡ ᠱᠠᠳᠤᠨ ᠤ ᠡᠯ᠎ᠡ ᠲᠦᠷᠦᠯ ᠤᠨ ᠰᠣᠷᠭᠠᠭᠤᠯᠢ ᠶᠢᠨ | ᠵᠢᠭᠠᠨ ᠰᠣᠷᠭᠠᠯᠳᠠ ᠶᠢᠨ ᠦᠭᠡᠷᠡᠴᠢᠯᠡᠯᠳᠡ ᠶᠢ ᠵᠢᠭᠠᠨ ᠵᠢᠯᠤᠭᠤᠳᠤᠨ᠎ᠠ᠃ | ︵ᠭᠤᠷᠪᠠ︶ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠡᠢ ᠬᠦᠭᠵᠢᠯᠳᠡ ᠶᠢ ᠲᠦᠯᠬᠢᠨ | ᠠᠬᠢᠭᠤᠯᠵᠤ᠂ ᠰᠣᠷᠭᠠᠨ ᠬᠦᠮᠦᠵᠢᠯ ᠤᠨ ᠡᠷᠭᠡ ᠲᠡᠭᠰᠢ ᠶᠢ ᠠᠬᠢᠭᠤᠯᠤᠨ᠂ ᠲᠡᠭᠡᠳᠤ ᠬᠢᠷᠢ ᠲᠦᠪᠰᠢᠨ ᠲᠠᠢ ᠪᠠᠷ | ᠶᠢᠰᠦᠨ ᠵᠢᠯ ᠤᠨ ᠠᠯᠪᠠᠨ ᠵᠢᠷᠦᠮ ᠤᠨ ᠰᠣᠷᠭᠠᠨ ᠬᠦᠮᠦᠵᠢᠯ ᠢ ᠲᠦᠭᠡᠮᠡᠯᠵᠢᠭᠦᠯᠬᠦ ᠠᠵᠢᠯ ᠢ ᠴᠢᠨᠠᠷ ᠲᠠᠢ ᠪᠠᠷ | ᠵᠤᠬᠢᠶᠠᠨ ᠪᠠᠶᠢᠭᠤᠯᠵᠤ ᠬᠦᠢᠴᠡᠳᠬᠡᠨ᠎ᠡ᠃ ᠡᠩ ᠤᠨ ᠲᠡᠭᠡᠳᠤ ᠲᠤᠮᠳᠠᠳᠤ ᠶᠢᠨ ᠰᠣᠷᠭᠠᠨ ᠬᠦᠮᠦᠵᠢᠯ ᠂ ᠴᠡᠴᠡᠷᠯᠢᠭ | ᠤᠨ ᠰᠣᠷᠭᠠᠨ ᠬᠦᠮᠦᠵᠢᠯ᠂ ᠤᠨᠴᠠᠭᠠᠢ ᠰᠣᠷᠭᠠᠨ ᠬᠦᠮᠦᠵᠢᠯ ᠤᠨ ᠠᠵᠢᠯ ᠢ ᠵᠢᠭᠠᠨ ᠵᠢᠯᠤᠭᠤᠳᠤᠨ᠎ᠠ ᠃ ᠰᠠᠭᠤᠷᠢ | ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠦᠨᠳᠤᠰᠤᠨ ᠱᠠᠭᠠᠷᠳᠠᠯᠭ᠎ᠠ ᠪᠤᠯᠤᠨ ᠵᠢᠭᠠᠨ ᠰᠣᠷᠭᠠᠯᠳᠠ ᠶᠢᠨ | ᠦᠨᠳᠤᠰᠤᠨ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ᠂ ᠰᠠᠭᠤᠷᠢ ᠰᠤᠷᠭᠠᠨ ᠬᠦᠮᠦᠵᠢᠯ ᠤᠨ ᠬᠦᠭᠵᠢᠯᠳᠡ ᠶᠢᠨ | ᠬᠢᠷᠢ ᠲᠦᠪᠰᠢᠨ ᠪᠤᠯᠤᠨ ᠴᠢᠨᠠᠷ ᠴᠢᠨᠰᠠᠭ᠎ᠠ ᠶᠢ ᠬᠢᠨᠠᠨ ᠲᠤᠬᠳᠠᠭᠠᠬᠤ ᠠᠵᠢᠯ ᠢ ᠵᠤᠬᠢᠶᠠᠨ ᠪᠠᠶᠢᠭᠤᠯᠤᠨ | ᠬᠦᠢᠴᠡᠳᠬᠡᠨ᠎ᠡ᠃ ᠰᠣᠷᠭᠠᠭᠤᠯᠢ ᠶᠢᠨ ᠶᠤᠰᠤ ᠮᠤᠷᠠᠯ ᠤᠨ ᠬᠦᠮᠦᠵᠢᠯ᠂ ᠲᠠᠮᠢᠷ᠂ ᠡᠷᠡᠭᠦᠯ ᠬᠠᠮᠠᠭᠠᠯᠠᠯ ᠂ ᠤᠷᠠᠯᠢᠭ ᠤᠨ | ᠰᠣᠷᠭᠠᠨᠬᠦ᠋ᠮᠦᠵᠢᠯ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠣᠷᠭᠠᠨ ᠬᠦᠮᠦᠵᠢᠯ᠂ ᠰᠤᠷᠭᠠᠭᠤᠯᠢ ᠶᠢᠨ | ᠭᠠᠳᠠᠨᠠᠬᠢ ᠰᠣᠷᠭᠠᠨ ᠬᠦᠮᠦᠵᠢᠯ ᠪᠤᠯᠤᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠵᠢᠭᠠᠨ ᠵᠢᠯᠤᠭᠤᠳᠴᠤ᠂ | ᠪᠦᠬᠦ ᠲᠠᠯ᠎ᠠ ᠪᠠᠷ ᠬᠡᠪ ᠴᠢᠨᠠᠷ ᠤᠨ ᠰᠣᠷᠭᠠᠨ ᠬᠦᠮᠦᠵᠢᠯ ᠢ ᠨᠠᠶᠢᠳᠠᠪᠤᠷᠢᠵᠢᠭᠤᠯᠤᠨ᠎ᠠ᠃ | ︵ᠲᠦᠷᠪᠡ︶ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠠᠵᠢᠯ ᠢ ᠵᠤᠬᠢᠶᠠᠨ ᠪᠠᠶᠢᠭᠤᠯᠤᠨ᠎ᠠ᠃ | ᠲᠤᠮᠳᠠᠳᠤ ᠵᠡᠷᠭᠡ ᠪᠤᠯᠤᠨ ᠲᠤᠮᠳᠠᠳᠤ ᠵᠡᠷᠭᠡ ᠠᠴᠠ ᠲᠤᠷᠤᠬᠰᠢᠬᠢ ᠰᠤᠷᠭᠠᠨ ᠬᠦᠮᠦᠵᠢᠯ ᠂ ᠢᠳᠡᠷ ᠵᠠᠯᠠᠭᠤᠴᠤᠳ ᠤᠨ | ᠰᠤᠶᠤᠯ ᠤᠨ ᠪᠠᠯᠠᠢ ᠶᠢ ᠠᠷᠢᠯᠭᠠᠬᠤ ᠠᠵᠢᠯ ᠢ ᠬᠢᠨᠠᠨ ᠵᠢᠯᠤᠭᠤᠳᠴᠤ᠂ ᠦᠨᠡᠯᠡᠬᠦ ᠪᠠ ᠪᠠᠶᠢᠴᠠᠭᠠᠨ ᠰᠢᠯᠭᠠᠬᠤ ᠠᠵᠢᠯ | ᠢ ᠬᠠᠷᠢᠭᠤᠴᠠᠵᠤ᠂ ᠰᠣᠷᠭᠠᠨ ᠬᠦᠮᠦᠵᠢᠯ ᠤᠨ ᠬᠢᠨᠠᠨ ᠵᠢᠯᠤᠭᠤᠳᠤᠯᠭ᠎ᠠ ᠵᠢᠨᠮᠡᠳᠡᠭᠦᠯᠦᠯᠳᠡ ᠦᠭᠭᠦᠨ᠎ᠡ᠃ | ︵ᠲᠠᠪᠤ︶ ᠠᠵᠢᠯ ᠤᠯᠬᠤ ᠳᠤ ᠴᠢᠭᠯᠡᠭᠦᠯᠦᠭᠰᠡᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ | ᠬᠦᠭᠵᠢᠯᠳᠡ ᠪᠠ ᠦᠭᠡᠷᠡᠴᠢᠯᠡᠯᠳᠡ ᠶᠢ ᠵᠢᠭᠠᠨ ᠵᠢᠯᠤᠭᠤᠳᠴᠤ᠂ ᠲᠤᠮᠳᠠᠳᠤ ᠵᠡᠷᠭᠡ ᠶᠢᠨ ᠠᠵᠢᠯ ᠮᠡᠷᠭᠡᠵᠢᠯ ᠤᠨ | ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢ ᠵᠢᠯᠤᠭᠤᠳᠬᠤ ᠪᠢᠴᠢᠭ ᠮᠠᠲ᠋ᠧᠷᠢᠶᠠᠯ ᠪᠤᠯᠤᠨ ᠵᠢᠭᠠᠨ ᠰᠣᠷᠭᠠᠯᠳᠠ | ᠶᠢ ᠦᠨᠡᠯᠡᠬᠦ ᠪᠠᠷᠢᠮᠵᠢᠶ᠎ᠠ ᠶᠢ ᠲᠤᠭᠳᠠᠭᠠᠨ ᠬᠡᠷᠡᠭᠵᠢᠭᠦᠯᠦᠨ᠎ᠡ᠃ ᠲᠤᠮᠳᠠᠳᠤ ᠵᠡᠷᠭᠡ ᠶᠢᠨ ᠠᠵᠢᠯ ᠮᠡᠷᠭᠡᠵᠢᠯ ᠤᠨ | ᠰᠣᠷᠭᠠᠨ ᠬᠦᠮᠦᠵᠢᠯ᠂ ᠠᠵᠢᠯᠴᠢᠨ ᠤ ᠰᠣᠷᠭᠠᠨ ᠬᠦᠮᠦᠵᠢᠯ᠂ ᠮᠠᠯᠴᠢᠨ ᠲᠠᠷᠢᠶᠠᠴᠢᠨ ᠤ ᠰᠣᠷᠭᠠᠨ ᠬᠦᠮᠦᠵᠢᠯ᠂ | ᠨᠡᠶᠢᠭᠡᠮ ᠲᠤᠭᠤᠷᠢᠭ ᠤᠨ ᠰᠣᠷᠭᠠᠨ ᠬᠦᠮᠦᠵᠢᠯ ᠪᠤᠯᠤᠨ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠣᠷᠭᠠᠨ | ᠬᠦᠮᠦᠵᠢᠯ ᠢ ᠵᠢᠭᠠᠨ ᠵᠢᠯᠤᠭᠤᠳᠤᠨ᠎ᠠ᠃ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠢ ᠵᠢᠭᠠᠨ ᠵᠢᠯᠤᠭᠤᠳᠴᠤ᠂ | ᠲᠡᠭᠡᠳᠤ ᠲᠤᠮᠳᠠᠳᠤ ᠶᠢᠨ ᠱᠠᠳᠤᠨ ᠤ ᠠᠷᠠᠳ ᠠᠴᠠ ᠡᠷᠬᠢᠯᠡᠭᠰᠡᠨ ᠰᠣᠷᠭᠠᠭᠤᠯᠢ ︵ᠪᠦᠷᠢᠨ ᠲᠤᠮᠳᠠᠳᠤ ᠰᠣᠷᠭᠠᠭᠤᠯᠢ᠂ | ᠲᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ︶ ᠪᠤᠯᠤᠨ ᠰᠣᠷᠤᠯᠭ᠎ᠠ ᠶᠢᠨ ᠨᠠᠮᠳᠠᠷ ᠤᠨ ᠪᠤᠰᠤ | ᠰᠤᠷᠭᠠᠨ ᠬᠦᠮᠦᠵᠢᠯ ᠤᠨ ᠪᠤᠯᠪᠠᠰᠤᠷᠠᠯ ᠤᠨ ᠪᠠᠶᠢᠭᠤᠯᠤᠮᠵᠢ ᠶᠢᠨ ᠵᠦᠪᠰᠢᠶᠡᠷᠡᠯ ᠠᠪᠴᠤ ᠲᠠᠩᠰᠠᠨ ᠳᠤ ᠲᠡᠮᠳᠡᠭᠯᠡᠬᠦ | ᠪᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠦᠨᠳᠤᠰᠤᠳᠡᠨ ᠤ ᠰᠣᠷᠭᠠᠨ ᠬᠦᠮᠦᠵᠢᠯ ᠤᠨ ᠠᠵᠢᠯ ᠢ ᠵᠤᠬᠢᠴᠠᠭᠤᠯᠤᠨ ᠵᠢᠭᠠᠨ ᠵᠢᠯᠤᠭᠤᠳᠴᠤ᠂ | ᠦᠨᠳᠤᠰᠤᠳᠡᠨ ᠤ ᠰᠣᠷᠭᠠᠨ ᠬᠦᠮᠦᠵᠢᠯ ᠤᠨᠦᠭᠡᠷᠡᠴᠢᠯᠡᠯᠳᠡ ᠬᠦᠭᠵᠢᠭᠦᠯᠦᠯᠳᠡ ᠶᠢᠨ ᠠᠷᠭ᠎ᠠ ᠬᠡᠮᠵᠢᠶ᠎ᠡ ᠶᠢ | ᠰᠣᠳᠤᠯᠤᠨ ᠲᠤᠬᠳᠠᠭᠠᠵᠤ᠂ ᠵᠤᠬᠢᠶᠠᠨ ᠪᠠᠶᠢᠭᠤᠯᠬᠤ ᠶᠢᠨ ᠲᠠᠭᠠᠤ ᠬᠢᠨᠠᠯᠳᠠ ᠲᠠᠯᠪᠢᠨ᠎ᠠ᠃ ᠦᠨᠳᠤᠰᠤᠳᠡᠨ ᠤ ᠰᠣᠷᠭᠠᠨ | ᠬᠦᠮᠦᠵᠢᠯ ᠤᠨ ᠵᠢᠭᠠᠨ ᠰᠣᠷᠭᠠᠯᠳᠠ᠂ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠳᠠ ᠶᠢ ᠲᠦᠯᠦᠪᠵᠢᠭᠦᠯᠬᠦ ᠪᠠ | ᠵᠢᠭᠠᠨ ᠵᠢᠯᠤᠭᠤᠳᠤᠨ᠎ᠠ᠃ ᠰᠣᠷᠭᠠᠨ ᠬᠦᠮᠦᠵᠢᠯ ᠤᠨ ᠰᠢᠰᠲ᠋ᠧᠮ ᠤᠨ ᠦᠨᠳᠤᠰᠤᠳᠡᠨ ᠤ ᠪᠦᠯᠬᠦᠮᠳᠡᠯ ᠤᠨ ᠰᠣᠷᠭᠠᠨ | ᠬᠦᠮᠦᠵᠢᠯ ᠪᠤᠯᠤᠨ ᠴᠦᠬᠡᠨ ᠲᠤᠭᠠᠳᠤ ᠦᠨᠳᠤᠰᠤᠳᠡᠨ ᠤ ᠦᠬᠡ ᠬᠡᠯᠡ ᠦᠰᠦᠭ ᠪᠢᠴᠢᠭ ᠢ ᠲᠦᠷᠢᠮᠵᠢᠭᠦᠯᠬᠦ ᠠᠵᠢᠯ ᠢ | ᠵᠢᠭᠠᠨ ᠵᠢᠯᠤᠭᠤᠳᠤᠨ᠎ᠠ᠃ | ︵ᠲᠤᠯᠤᠭ᠎ᠠ︶ ᠰᠣᠷᠭᠠᠨ ᠬᠦᠮᠦᠵᠢᠯ ᠤᠨ ᠠᠵᠢᠯ ᠤᠶᠢᠯᠡᠰ ᠤᠨ ᠲᠤᠭ᠎ᠠ ᠪᠦᠷᠢᠳᠬᠡᠯ ᠰᠢᠨᠵᠢᠯᠡᠭᠡ ᠶᠢ | ᠬᠠᠷᠢᠭᠤᠴᠠᠨ᠎ᠠ᠃ ᠲᠤᠰ ᠨᠢᠭᠡᠴᠡ ᠶᠢᠨ ᠰᠣᠷᠭᠠᠨ ᠬᠦᠮᠦᠵᠢᠯ ᠤᠨ ᠪᠡᠯᠡ ᠬᠦᠷᠦᠩᠭᠡ ᠶᠢ ᠨᠢᠭᠡᠳᠦᠯᠳᠡᠢ | ᠬᠠᠷᠢᠭᠤᠴᠠᠵᠤ᠂ ᠰᠣᠷᠭᠠᠨ ᠬᠦᠮᠦᠵᠢᠯ ᠤᠨ ᠪᠡᠯᠡ ᠬᠦᠷᠦᠩᠭᠡ ᠶᠢ ᠪᠦᠷᠢᠳᠬᠡᠨ ᠠᠰᠢᠬᠯᠠᠵᠤ᠂ ᠰᠣᠷᠭᠠᠨ ᠬᠦᠮᠦᠵᠢᠯ | ᠤᠨ ᠪᠡᠯᠡ ᠮᠦᠩᠬᠦ ᠶᠢ ᠲᠠᠷᠬᠠᠭᠠᠬᠤ᠂ ᠰᠣᠷᠭᠠᠨ ᠬᠦᠮᠦᠵᠢᠯ ᠤᠨ ᠦᠨᠳᠤᠰᠤᠨ ᠪᠦᠳᠦᠭᠡᠨ ᠪᠠᠶᠢᠭᠤᠯᠤᠯᠳᠠ ᠶᠢᠨ ᠪᠡᠯᠡ | ᠤᠷᠤᠭᠤᠯᠤᠯᠳᠠ ᠶᠢᠨ ᠲᠦᠯᠦᠪᠵᠢᠭᠦᠯᠦᠯᠭᠡ ᠵᠡᠷᠭᠡ ᠶᠢ ᠬᠠᠮᠳᠤᠷᠠᠨ ᠲᠤᠬᠳᠠᠭᠠᠨ᠎ᠠ᠃ ᠰᠣᠷᠭᠠᠨ ᠬᠦᠮᠦᠵᠢᠯ ᠤᠨ ᠪᠡᠯᠡ | ᠮᠦᠩᠬᠦ ᠶᠢ ᠬᠡᠷᠡᠭᠯᠡᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠰᠣᠷᠭᠠᠨ ᠬᠦᠮᠦᠵᠢᠯ ᠤᠨ ᠪᠡᠯᠡ ᠮᠦᠩᠬᠦ ᠶᠢ | ᠵᠠᠷᠤᠴᠠᠭᠤᠯᠤᠬᠰᠠᠨ ᠪᠠᠶᠢᠳᠠᠯ ᠢ ᠬᠠᠷᠢᠭᠤᠴᠠᠨ ᠪᠦᠷᠢᠳᠬᠡᠨ᠎ᠡ᠃ ᠬᠠᠮᠢᠶ᠎ᠠ ᠪᠦᠬᠦᠢ ᠲᠤᠬᠳᠠᠭᠠᠯ ᠢᠶᠠᠷ ᠤᠯᠤᠰ ᠤᠨ | ᠲᠤᠳᠤᠭᠠᠳᠤ ᠭᠠᠳᠠᠭᠠᠳᠤ ᠶᠢᠨ ᠮᠠᠨ ᠤ ᠠᠶᠢᠮᠠᠭ ᠳᠠᠬᠢ ᠰᠣᠷᠭᠠᠨ ᠬᠦᠮᠦᠵᠢᠯ ᠤᠨ ᠲᠤᠰᠠᠯᠠᠮᠵᠢ ᠪᠠ ᠰᠣᠷᠭᠠᠨ | ᠬᠦᠮᠦᠵᠢᠯ ᠤᠨ ᠵᠢᠭᠡᠯᠡᠯᠭᠡ ᠶᠢ ᠲᠠᠩᠰᠠᠯᠠᠨ ᠬᠠᠷᠢᠭᠤᠴᠠᠨ᠎ᠠ᠃ | ︵ᠨᠠᠢᠮᠠ︶ ᠪᠦᠬᠦ ᠠᠶᠢᠮᠠᠭ ᠤᠨ ᠪᠠᠭᠰᠢ ᠶᠢᠨ ᠠᠵᠢᠯ ᠢ ᠬᠠᠷᠢᠭᠤᠴᠠᠵᠤ᠂ ᠡᠯ᠎ᠡ ᠱᠠᠳᠤᠨ ᠤ ᠡᠯ᠎ᠡ ᠲᠦᠷᠦᠯ | ᠤᠨ ᠰᠣᠷᠭᠠᠭᠤᠯᠢ ᠶᠢᠨ ᠪᠠᠭᠰᠢ᠂ ᠲᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠤᠯᠤᠨ ᠰᠣᠷᠭᠠᠨ ᠬᠦᠮᠦᠵᠢᠯ ᠤᠨ | ᠵᠠᠰᠠᠭ ᠵᠠᠬᠢᠷᠭᠠᠨ ᠤ ᠺᠠᠲᠠᠷ ᠤᠨ ᠡᠩᠨᠡᠭᠡᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠵᠢᠭᠠᠨ ᠵᠢᠯᠤᠭᠤᠳᠤᠨ᠎ᠠ᠃ | ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨᠡᠯᠡ ᠱᠠᠳᠤᠨ ᠤ ᠡᠯ᠎ᠡ ᠲᠦᠷᠦᠯ ᠤᠨ ᠰᠣᠷᠭᠠᠭᠤᠯᠢ ᠶᠢᠨ ᠪᠠᠭᠰᠢ | ᠠᠵᠢᠯᠳᠠᠨ ᠤ ᠤᠷᠤᠨ ᠲᠤᠭ᠎ᠠ ᠶᠢ ᠨᠠᠶᠢᠳᠠᠪᠤᠷᠢᠵᠢᠭᠤᠯᠤᠨ᠎ᠠ᠃ ᠪᠠᠭᠰᠢ ᠶᠢᠨ ᠮᠡᠷᠭᠡᠵᠢᠯ ᠤᠨ ᠴᠤᠯᠠ ᠶᠢ ᠬᠢᠨᠠᠨ | ᠲᠤᠬᠳᠠᠭᠠᠬᠤ ᠪᠠ ᠪᠠᠭᠰᠢ ᠠᠵᠢᠯᠳᠠᠨ ᠢ ᠱᠠᠩᠨᠠᠨ ᠬᠦᠬᠢᠬᠦᠯᠬᠦ ᠠᠵᠢᠯ ᠢ ᠵᠢᠭᠠᠨ ᠵᠢᠯᠤᠭᠤᠳᠬᠤ ᠪᠠ ᠬᠠᠷᠢᠭᠤᠴᠠᠨ᠎ᠠ᠃ | ᠬᠠᠮᠢᠶ᠎ᠠ ᠪᠦᠬᠦᠢ ᠲᠦᠷᠢᠮ ᠲᠤᠬᠳᠠᠭᠠᠯ ᠢᠶᠠᠷ ᠠᠶᠢᠮᠠᠭ ᠤᠨ ᠰᠢᠭᠤᠳ ᠬᠠᠷᠢᠶ᠎ᠠ ᠪᠠᠶᠢᠭᠤᠯᠤᠮᠵᠢ ᠶᠢᠨ ᠺᠠᠲᠠᠷ ᠤᠨ | ᠠᠵᠢᠯ ᠢ ᠬᠠᠮᠢᠶᠠᠷᠤᠨ᠎ᠠ᠃ ᠪᠠᠭᠰᠢ ᠶᠢᠨ ᠰᠣᠷᠭᠠᠭᠤᠯᠢ ᠠᠴᠠ ᠲᠡᠭᠦᠰᠦᠭᠰᠡᠨ ᠰᠣᠷᠤᠬᠴᠢ ᠳᠤ ᠠᠵᠢᠯ ᠤᠯᠭᠤᠬᠤ | ᠲᠦᠷᠦ ᠶᠢᠨ ᠪᠤᠳᠤᠯᠭ᠎ᠠ ᠶᠢ ᠲᠤᠬᠳᠠᠭᠠᠬᠤ ᠠᠵᠢᠯ ᠳᠤ ᠵᠦᠪᠯᠡᠯᠭᠡ ᠦᠭᠭᠦᠨ᠎ᠡ᠃ | ︵ᠶᠢᠰᠤ︶ ᠪᠦᠬᠦ ᠠᠶᠢᠮᠠᠭ ᠤᠨ ᠡᠯ᠎ᠡ ᠲᠦᠷᠦᠯ ᠤᠨ ᠰᠣᠷᠭᠠᠨ ᠬᠦᠮᠦᠵᠢᠯ ᠤᠨ ᠰᠣᠷᠤᠬᠴᠢ ᠡᠯᠰᠡᠬᠦ | ᠰᠢᠯᠭᠠᠯᠳᠠ ᠶᠢ ᠵᠤᠬᠢᠶᠠᠨ ᠪᠠᠶᠢᠭᠤᠯᠵᠤ᠂ ᠲᠡᠭᠡᠳᠤ ᠲᠤᠮᠳᠠᠳᠤ ᠶᠢᠨ ᠱᠠᠳᠤᠨ ᠤ ᠰᠣᠷᠭᠠᠨ ᠬᠦᠮᠦᠵᠢᠯ ᠤᠨ ᠰᠣᠷᠤᠬᠴᠢ | ᠡᠯᠰᠡᠬᠦ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠰᠣᠷᠭᠠᠨ ᠬᠦᠮᠦᠵᠢᠯ ᠪᠤᠯᠤᠨᠵᠢᠭᠠᠨ ᠰᠣᠷᠭᠠᠯᠳᠠ ᠶᠢᠨ | ᠰᠣᠳᠤᠯᠭᠠᠨ᠂ ᠴᠠᠬᠢᠯᠭᠠᠨᠵᠢᠬᠰᠠᠨ ᠰᠣᠷᠭᠠᠨ ᠬᠦᠮᠦᠵᠢᠯ ᠂ ᠵᠠᠩᠭᠢ ᠶᠢᠨ ᠰᠣᠷᠭᠠᠨ ᠬᠦᠮᠦᠵᠢᠯ᠂ ᠰᠣᠷᠭᠠᠨ | ᠬᠦᠮᠦᠵᠢᠯ ᠤᠨ ᠲᠤᠨᠤᠭ ᠲᠦᠭᠦᠭᠡᠷᠦᠮᠵᠢ ᠵᠢᠨᠠᠵᠢᠯ ᠢ ᠵᠢᠭᠠᠨ ᠵᠢᠯᠤᠭᠤᠳᠤᠨ᠎ᠠ᠃ ᠪᠦᠬᠦ ᠠᠶᠢᠮᠠᠭ ᠤᠨ ᠰᠣᠷᠭᠠᠨ | ᠬᠦᠮᠦᠵᠢᠯ ᠤᠨ ᠨᠡᠶᠢᠭᠡᠮᠯᠢᠭ ᠂ ᠰᠣᠷᠭᠠᠨ ᠬᠦᠮᠦᠵᠢᠯ ᠤᠨ ᠪᠦᠯᠦᠭᠯᠡᠯ ᠤᠨ ᠠᠵᠢᠯ ᠢ ᠬᠠᠷᠢᠭᠤᠴᠠᠨ᠎ᠠ᠃ ᠪᠦᠬᠦ | ᠠᠶᠢᠮᠠᠭ ᠤᠨ ᠰᠣᠷᠭᠠᠨ ᠬᠦᠮᠦᠵᠢᠯ ᠤᠨ ᠲᠡᠳᠬᠦᠮᠵᠢ ᠶᠢᠨ ᠠᠵᠢᠯ ᠢ ᠬᠠᠷᠢᠭᠤᠴᠠᠨ᠎ᠠ᠃ ᠲᠦᠪ᠂ ᠤᠷᠤᠨ ᠪᠤᠯᠤᠨ | ᠠᠶᠢᠮᠠᠭ ᠤᠨ ᠲᠤᠬᠳᠠᠭᠠᠬᠰᠠᠨ ᠡᠯ᠎ᠡ ᠲᠦᠷᠦᠯ ᠤᠨ ᠰᠣᠷᠤᠬᠴᠢ ᠶᠢᠨ ᠲᠡᠳᠭᠦᠮᠵᠢ ᠶᠢᠨ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ︵ᠠᠷᠪᠠ︶ ᠪᠦᠬᠦ ᠠᠶᠢᠮᠠᠭ ᠤᠨ ᠰᠣᠷᠭᠠᠨ ᠬᠦᠮᠦᠵᠢᠯ ᠳᠤ ᠬᠤᠯᠪᠤᠬᠳᠠᠬᠤ ᠤᠯᠠᠨ ᠤᠯᠤᠰ ᠤᠨ | ᠬᠤᠭᠤᠷᠤᠨᠳᠤᠬᠢ ᠰᠤᠯᠢᠯᠴᠠᠭ᠎ᠠ ᠬᠠᠮᠵᠢᠯᠴᠠᠭ᠎ᠠ ᠪᠤᠯᠤᠨ ᠤᠬᠠᠭᠤᠯᠬᠤ ᠠᠵᠢᠯ ᠢ ᠵᠤᠬᠢᠶᠠᠨ ᠪᠠᠶᠢᠭᠤᠯᠵᠤ ᠵᠢᠭᠠᠨ | ᠵᠢᠯᠤᠭᠤᠳᠤᠨ᠎ᠠ᠃ | ︵ᠠᠷᠪᠠᠨ ᠨᠢᠭᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ᠂ ᠲᠦᠷᠦ ᠶᠢᠨ | ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ ᠤᠨ ᠬᠢᠳᠠᠳ ᠦᠭᠡ ᠬᠡᠯᠡ ᠦᠰᠦᠭ | ᠪᠢᠴᠢᠭ ᠤᠨ ᠠᠵᠢᠯ ᠤᠨ ᠲᠤᠮᠳᠠ᠂ ᠤᠷᠳᠤ ᠬᠤᠭᠤᠴᠠᠭᠠᠨ ᠤ ᠲᠦᠯᠦᠪᠯᠡᠭᠡ ᠶᠢ ᠲᠤᠬᠳᠠᠭᠠᠵᠤ᠂ ᠡᠯ᠎ᠡ ᠰᠠᠯᠠᠭ᠎ᠠ | ᠮᠦᠴᠢᠷ᠂ ᠠᠵᠢᠯ ᠲᠦᠷᠦᠯ ᠤᠨᠬᠢᠳᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠤᠬᠢᠴᠠᠭᠤᠯᠤᠨ | ᠵᠢᠯᠤᠭᠤᠳᠬᠤ ᠪᠠ ᠬᠢᠨᠠᠨ ᠪᠠᠶᠢᠴᠠᠭᠠᠨ᠎ᠠ᠃ ᠪᠠᠷᠢᠮᠵᠢᠶ᠎ᠠ ᠠᠶᠠᠯᠭᠤ ᠶᠢ ᠲᠦᠭᠡᠮᠡᠯᠵᠢᠭᠦᠯᠬᠦ ᠪᠠ ᠪᠠᠷᠢᠮᠵᠢᠶ᠎ᠠ ᠠᠶᠠᠯᠭᠤᠨ ᠤ | ᠪᠠᠭᠰᠢ ᠶᠢᠨ ᠪᠤᠯᠪᠠᠰᠤᠷᠠᠯ ᠤᠨ ᠠᠵᠢᠯ ᠢ ᠵᠢᠭᠠᠨ ᠵᠢᠯᠤᠭᠤᠳᠤᠨ᠎ᠠ᠃ | ︵ᠠᠷᠪᠠᠨ ᠬᠤᠶᠠᠷ︶ ᠪᠦᠬᠦ ᠠᠶᠢᠮᠠᠭ ᠤᠨ ᠰᠣᠷᠭᠠᠨ ᠬᠦᠮᠦᠵᠢᠯ ᠤᠨ ᠬᠠᠤᠯᠢ ᠶᠢᠨ ᠪᠦᠳᠦᠭᠡᠨ ᠪᠠᠶᠢᠭᠤᠯᠤᠯᠳᠠ | ᠶᠢ ᠵᠢᠭᠠᠨ ᠵᠢᠯᠤᠭᠤᠳᠤᠨ᠎ᠠ᠃ ᠪᠦᠬᠦ ᠠᠶᠢᠮᠠᠭ ᠤᠨᠵᠠᠰᠠᠭ ᠵᠠᠬᠢᠷᠭᠠᠨ ᠤ ᠰᠣᠷᠭᠠᠨ ᠬᠦᠮᠦᠵᠢᠯ ᠤᠨ ᠬᠠᠤᠯᠢ | ᠬᠡᠷᠡᠭᠵᠢᠭᠦᠯᠦᠯᠳᠡ ᠳᠤ ᠬᠢᠨᠠᠯᠳᠠ ᠲᠠᠯᠪᠢᠵᠤ᠂ ᠲᠤᠳᠤᠭᠠᠳᠤ ᠳᠠᠭᠠᠨ ᠬᠢᠨᠠᠨ ᠪᠤᠳᠤᠬᠤ᠂ ᠵᠠᠰᠠᠭ ᠵᠠᠬᠢᠷᠭᠠᠨ ᠤ ᠲᠠᠬᠢᠨ | ᠵᠦᠪᠯᠡᠬᠦ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨᠰᠣᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠰᠣᠷᠳᠠᠯ | ᠤᠨ ᠠᠷᠢᠭᠤᠨ ᠴᠢᠭᠡᠴᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠠᠶᠢᠮᠠᠭ ᠤᠨ ᠲᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ ᠤᠨ ᠠᠮᠤᠷ | ᠲᠦᠪᠰᠢᠨ ᠢ ᠪᠠᠳᠤᠯᠠᠬᠤ ᠲᠦᠷᠢᠮ ᠲᠤᠬᠳᠠᠭᠠᠯ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠳᠬᠡᠯ ᠲᠦᠰᠦᠪ ᠢ | ᠲᠦᠷᠢᠮᠵᠢᠭᠦᠯᠵᠤ᠂ ᠪᠦᠬᠦ ᠠᠶᠢᠮᠠᠭ ᠤᠨᠰᠣᠷᠭᠠᠨ ᠬᠦᠮᠦᠵᠢᠯ ᠤᠨ ᠰᠢᠰᠲ᠋ᠧᠮ ᠤᠨ ᠠᠮᠤᠷ ᠲᠦᠪᠰᠢᠨ ᠢ ᠬᠠᠮᠠᠭᠠᠯᠠᠬᠤ | ᠠᠵᠢᠯ ᠢ ᠵᠢᠭᠠᠨ ᠵᠢᠯᠤᠭᠤᠳᠴᠤ᠂ ᠰᠣᠷᠭᠠᠭᠤᠯᠢ ᠶᠢᠨ ᠠᠮᠤᠷ ᠲᠦᠪᠰᠢᠨ ᠤ ᠰᠣᠷᠳᠠᠯᠴᠢᠯᠠᠭ᠎ᠠ ᠪᠠ ᠬᠦᠳᠦᠯᠪᠦᠷᠢ | ᠠᠵᠢᠯᠯᠠᠭ᠎ᠠ ᠶᠢ ᠦᠷᠨᠢᠭᠦᠯᠵᠤ᠂ ᠪᠦᠬᠦ ᠠᠶᠢᠮᠠᠭ ᠤᠨ ᠲᠤᠮᠳᠠᠳᠤ ᠪᠠᠭ᠎ᠠ ᠰᠣᠷᠭᠠᠭᠤᠯᠢ᠂ ᠴᠡᠴᠡᠷᠯᠢᠭ ᠤᠨ ᠠᠮᠤᠷ | ᠲᠦᠪᠰᠢᠨ ᠤ ᠬᠠᠮᠢᠶᠠᠷᠤᠯᠳᠠ ᠶᠢᠨ ᠠᠵᠢᠯ ᠢ ᠵᠢᠭᠠᠨ ᠵᠢᠯᠤᠭᠤᠳᠴᠤ᠂ ᠬᠢᠨᠠᠯᠳᠠ ᠲᠠᠯᠪᠢᠨ᠂ ᠪᠠᠶᠢᠴᠠᠭᠠᠯᠳᠠ ᠦᠭᠴᠦ | ᠂ ᠰᠢᠯᠭᠠᠨ ᠦᠨᠡᠯᠡᠨ᠎ᠡ᠃ ᠰᠣᠷᠭᠠᠭᠤᠯᠢ ᠶᠢᠨ ᠠᠮᠤᠷ ᠲᠦᠪᠰᠢᠨ ᠳᠤ ᠭᠠᠷᠴᠤ ᠮᠡᠳᠡᠬᠦ ᠭᠡᠮ ᠰᠣᠭᠤᠭ ᠢ ᠰᠢᠯᠭᠠᠨ | ᠪᠠᠶᠢᠴᠠᠭᠠᠬᠤ ᠪᠠ ᠬᠠᠯᠠᠨ ᠰᠠᠶᠢᠵᠢᠷᠠᠭᠤᠯᠵᠤ᠂ ᠰᠣᠷᠭᠠᠭᠤᠯᠢ ᠵᠢᠨᠠᠮᠤᠷ ᠲᠦᠪᠰᠢᠨ ᠳᠤ ᠬᠤᠯᠪᠤᠬᠳᠠᠬᠰᠠᠨ | ᠬᠠᠷᠢᠭᠤᠴᠠᠯᠭ᠎ᠠ ᠠᠯᠳᠠᠬᠰᠠᠨ ᠬᠡᠷᠡᠭ ᠤᠴᠢᠷ ᠲᠤ ᠰᠢᠢᠳᠪᠦᠷᠢ ᠭᠠᠷᠭᠠᠵᠤ᠂ ᠰᠣᠷᠤᠬᠴᠢ ᠶᠢ ᠲᠤᠰᠴᠤ ᠬᠦᠷᠭᠡᠬᠦ ᠲᠡᠷᠭᠡ | ᠤᠨᠤᠭᠠᠨ ᠤ ᠬᠠᠮᠢᠶᠠᠷᠤᠯᠳᠠ᠂ ᠰᠣᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠢ ᠪᠠᠳᠤᠯᠠᠬᠤ᠂ ᠰᠣᠷᠭᠠᠭᠤᠯᠢ | ᠶᠢᠨ ᠬᠦᠷᠢᠶᠠᠨ ᠤ ᠭᠠᠯ ᠤᠨ ᠠᠶᠤᠯ ᠢ ᠰᠡᠷᠭᠡᠶᠢᠯᠡᠬᠦ ᠵᠢᠴᠢ ᠰᠣᠷᠭᠠᠭᠤᠯᠢ ᠶᠢᠨ ᠤᠶᠢᠷ᠎ᠠ ᠬᠠᠪᠢ ᠶᠢᠨ ᠤᠷᠴᠢᠨ | ᠲᠤᠭᠤᠷᠢᠨ ᠢ ᠶᠠᠷᠦᠩᠬᠡᠶᠢᠯᠡᠨ ᠵᠠᠰᠠᠬᠤ ᠵᠡᠷᠭᠡ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃ | ︵ᠠᠷᠪᠠᠨ ᠲᠦᠷᠪᠡ︶ ᠠᠶᠢᠮᠠᠭ ᠤᠨ ᠵᠠᠬᠢᠷᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠰᠣᠷᠭᠠᠨ ᠬᠦᠮᠦᠵᠢᠯ | ᠤᠨ ᠲᠢᠩᠬᠢᠮ ᠤᠨ ᠲᠤᠰᠢᠶᠠᠬᠰᠠᠨ ᠠᠵᠢᠯ ᠢ ᠬᠠᠷᠢᠭᠤᠴᠠᠨ ᠭᠦᠢᠴᠡᠳᠬᠡᠨ᠎ᠡ᠃ | ᠬᠤᠶᠠᠷ᠂ ᠲᠤᠳᠤᠭᠠᠳᠤ ᠳᠠᠬᠢ ᠪᠠᠶᠢᠭᠤᠯᠤᠮᠵᠢ | ᠰᠢᠯᠢ ᠶᠢᠨ ᠭᠤᠤᠯ ᠠᠶᠢᠮᠠᠭ ᠤᠨ ᠰᠣᠷᠭᠠᠨ ᠬᠦᠮᠦᠵᠢᠯ ᠤᠨ ᠲᠤᠪᠴᠢᠶ᠎ᠠ ᠨᠢ ᠠᠯᠪᠠᠨ ᠭᠡᠷ᠂ ᠠᠵᠢᠯᠳᠠᠨ ᠤ | ᠶᠠᠪᠤᠳᠠᠯ ᠤᠨ ᠰᠠᠯᠠᠭ᠎ᠠ᠂ ᠬᠦᠭᠵᠢᠯᠳᠡ ᠶᠢ ᠲᠦᠯᠦᠪᠵᠢᠭᠦᠯᠬᠦ ᠪᠠ ᠡᠳ᠋ ᠶᠢᠨ ᠵᠠᠰᠠᠭ ᠤᠨ ᠰᠠᠯᠠᠭ᠎ᠠ᠂ ᠰᠠᠭᠤᠷᠢ | ᠰᠣᠷᠭᠠᠨ ᠬᠦᠮᠦᠵᠢᠯ ᠤᠨ ᠰᠠᠯᠠᠭ᠎ᠠ᠂ ᠠᠵᠢᠯ ᠮᠡᠷᠭᠡᠵᠢᠯ ᠪᠠ ᠨᠠᠰᠤᠨ ᠳᠤ ᠬᠦᠷᠦᠭᠰᠡᠳ ᠤᠨ ᠰᠣᠷᠭᠠᠨ ᠬᠦᠮᠦᠵᠢᠯ ᠤᠨ | ᠰᠠᠯᠠᠭ᠎ᠠ ︵ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠰᠠᠯᠠᠭ᠎ᠠ︶᠂ ᠦᠨᠳᠤᠰᠤᠳᠡᠨ ᠤ ᠰᠣᠷᠭᠠᠨ | ᠬᠦᠮᠦᠵᠢᠯ ᠤᠨ ᠰᠠᠯᠠᠭ᠎ᠠ᠂ ᠪᠠᠭᠰᠢ ᠶᠢᠨ ᠬᠠᠮᠢᠶᠠᠷᠤᠯᠳᠠ ᠶᠢᠨ ᠰᠠᠯᠠᠭ᠎ᠠ᠂ ᠬᠢᠨᠠᠨ ᠵᠢᠯᠤᠭᠤᠳᠬᠤ ᠭᠡᠷ ︵ ᠰᠢᠯᠢ | ᠶᠢᠨ ᠭᠤᠤᠯ ᠠᠶᠢᠮᠠᠭ ᠤᠨ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠵᠦᠪᠯᠡᠯ ᠤᠨ ᠠᠯᠪᠠᠨ ᠭᠡᠷ︶᠂ ᠲᠠᠮᠢᠷ ᠂ | ᠡᠷᠡᠭᠦᠯ ᠬᠠᠮᠠᠭᠠᠯᠠᠯ ᠪᠠ ᠤᠷᠠᠯᠢᠭ ᠤᠨ ᠰᠣᠷᠭᠠᠨ ᠬᠦᠮᠦᠵᠢᠯ ᠤᠨ ᠰᠠᠯᠠᠭ᠎ᠠ᠂ ᠬᠢᠳᠠᠳᠦᠭᠡ ᠬᠡᠯᠡ ᠦᠰᠦᠭ ᠪᠢᠴᠢᠭ | ᠤᠨ ᠬᠡᠷᠡᠭᠯᠡᠯᠳᠡ ᠬᠠᠮᠢᠶᠠᠷᠤᠯᠳᠠ ᠶᠢᠨ ᠰᠠᠯᠠᠭ᠎ᠠ ︵ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠬᠢᠳᠠᠳᠦᠭᠡ | ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠠᠯᠪᠠᠨ ᠭᠡᠷ︶ ᠂ ᠲᠦᠷᠦ ᠶᠢᠨ ᠪᠤᠳᠤᠯᠭ᠎ᠠ ᠬᠠᠤᠯᠢ ᠲᠦᠷᠢᠮ | ᠪᠤᠯᠤᠨ ᠬᠢᠨᠠᠯᠳᠠ ᠲᠠᠯᠪᠢᠵᠤ ᠬᠢᠨᠠᠨ ᠪᠤᠳᠤᠬᠤ ᠰᠠᠯᠠᠭ᠎ᠠ᠂ ᠰᠣᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠳᠠ | ᠶᠢᠨ ᠰᠠᠯᠠᠭ᠎ᠠ ᠵᠡᠷᠭᠡ12 ᠨᠢᠭᠡᠴᠡ ᠲᠠᠢ᠃ | ᠭᠤᠷᠪᠠ᠂ ᠤᠷᠤᠨ ᠲᠤᠭ᠎ᠠ | ᠰᠢᠯᠢ ᠶᠢᠨ ᠭᠤᠤᠯ ᠠᠶᠢᠮᠠᠭ ᠤᠨ ᠰᠣᠷᠭᠠᠨ ᠬᠦᠮᠦᠵᠢᠯ ᠤᠨ ᠲᠤᠪᠴᠢᠶ᠎ᠠ ᠶᠢᠨ ᠠᠯᠪᠠᠨ ᠪᠠᠶᠢᠭᠤᠯᠭ᠎ᠠ ᠶᠢᠨ | ᠵᠠᠰᠠᠭ ᠵᠠᠬᠢᠷᠭᠠᠨ ᠤ ᠤᠷᠤᠨ ᠲᠤᠭ᠎ᠠ30 ᠬᠦᠮᠦᠨ᠂ ᠡᠭᠦᠨ ᠳᠤ᠄ ᠲᠤᠪᠴᠢᠶᠠᠨ ᠲᠠᠷᠤᠭ᠎ᠠ 1 ᠬᠦᠮᠦᠨ᠂ ᠲᠡᠳ᠋ | ᠲᠤᠪᠴᠢᠶᠠᠨ ᠲᠠᠷᠤᠭ᠎ᠠ 3 ᠬᠦᠮᠦᠨ᠂ ᠨᠠᠮ ᠤᠨ ᠠᠵᠢᠯ ᠤᠨ ᠵᠦᠪᠯᠡᠯ ᠤᠨ ᠲᠡᠳ᠋ ᠱᠦᠵᠢ᠂ ᠨᠠᠮ ᠤᠨ ᠲᠤᠭᠤᠶᠢᠯᠠᠩ | ᠤᠨᠲ᠋ᠡᠳ᠋ ᠱᠦᠵᠢ ᠂ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠬᠠᠮᠳᠤ ᠳᠤ ᠨᠢ 1 ᠬᠦᠮᠦᠨ᠂ | ᠶᠡᠷᠦᠩᠬᠡᠢ ᠰᠤᠷᠭᠠᠨ ᠬᠦᠮᠦᠵᠢᠯ ᠤᠨ ᠬᠢᠨᠠᠨ ᠪᠠᠶᠢᠴᠠᠭᠠᠬᠴᠢ 1 ᠬᠦᠮᠦᠨ ︵ᠲᠡᠳ᠋ ᠭᠠᠵᠠᠷ ᠤᠨ ᠲᠡᠰ︶᠂ ᠰᠠᠯᠠᠭ᠎ᠠ | ᠲᠡᠰ ᠤᠨ ᠣᠳᠤᠷᠢᠳᠤᠯᠭ᠎ᠠ ᠶᠢᠨ ᠲᠤᠭ᠎ᠠ22 ᠬᠦᠮᠦᠨ ︵13 ᠵᠢᠩᠬᠢᠨᠢ᠂9 ᠲᠡᠳ᠋︶᠃ ᠲᠤᠬᠳᠠᠭᠠᠬᠰᠠᠨ ᠠᠷᠤ | ᠲᠠᠯ᠎ᠠ ᠶᠢᠨ ᠠᠵᠢᠯ ᠤᠨ ᠤᠷᠤᠨ ᠲᠤᠭ᠎ᠠ 5 ᠬᠦᠮᠦᠨ᠃ | |