ᠰᠢᠯᠢ ᠶᠢᠨ ᠭᠤᠤᠯ ᠠᠶᠢᠮᠠᠭ ᠤᠨ ᠠᠶᠤᠯᠬᠦᠢ  ᠦᠢᠯᠡᠳᠪᠤᠷᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2017/5/25
       ᠰᠢᠯᠢ ᠶᠢᠨ ᠭᠤᠤᠯ ᠠᠶᠢᠮᠠᠭ ᠤᠨ ᠠᠶᠤᠯᠬᠦᠢ ᠦᠢᠯᠡᠳᠪᠤᠷᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠪᠤᠯ 2004 ᠤᠨ ᠤ 4 ᠳ᠋ᠤᠬᠡᠷ ᠰᠠᠷ᠎ᠠ ᠳᠤ ᠪᠠᠶᠢᠭᠤᠯᠤᠭᠲᠠᠭᠰᠠᠨ᠂ ᠠᠶᠢᠮᠠᠭ ᠤᠨ ᠵᠠᠬᠢᠷᠭ᠎ᠠ ᠶᠢᠨ ᠡᠷᠬᠡ ᠴᠢᠲᠠᠪᠬᠢᠲᠤ ᠰᠠᠯᠠᠭ᠎ᠠ ᠮᠦᠴᠢᠷ ᠪᠤᠯᠤᠨ᠎ᠠ᠃ ᠲᠤᠲᠤᠭᠠᠲᠤ ᠪᠠᠨ  ᠠᠯᠪᠡᠨ ᠬᠡᠷ᠂ ᠠᠶᠤᠯᠬᠦᠢ ᠦᠢᠯᠡᠳᠪᠤᠷᠢᠯᠠᠯ ᠢ ᠬᠢᠨᠠᠨ ᠬᠠᠮᠢᠶᠠᠷᠬᠤ ᠨᠢᠬᠡᠲᠤᠬᠡᠷ ᠰᠠᠯᠠᠭ᠎ᠠ᠂ ᠠᠶᠤᠯᠬᠦᠢ ᠦᠢᠯᠡᠳᠪᠤᠷᠢᠯᠠᠯ ᠢ ᠬᠢᠨᠠᠨ ᠬᠠᠮᠢᠶᠠᠷᠬᠤ ᠬᠤᠶᠠᠲᠤᠭᠠᠷ ᠰᠠᠯᠠᠭ᠎ᠠ᠂ ᠲᠤᠬᠠᠶᠢᠯᠠᠭᠰᠠᠨ ᠠᠵᠢᠯ ᠤᠨ ᠡᠷᠠᠬᠦᠯ  ᠬᠠᠮᠠᠭᠠᠯᠠᠯ ᠢ ᠬᠢᠨᠠᠨ ᠪᠠᠶᠢᠴᠠᠭᠠᠬᠤ ᠪᠠ ᠪᠠᠴᠢᠮ ᠪᠠᠶᠢᠲᠠᠯ ᠢ ᠠᠷᠭᠠᠴᠠᠵᠤ ᠠᠪᠤᠷᠠᠨ ᠲᠤᠰᠠᠯᠠᠬᠤ ᠰᠠᠯᠠᠭ᠎ᠠ᠂ ᠶᠡᠷᠤᠩᠬᠡᠶᠢᠯᠠᠨ ᠬᠢᠨᠠᠨ ᠬᠠᠮᠢᠶᠠᠷᠬᠤ ᠰᠠᠯᠠᠭ᠎ᠠ ᠵᠢᠴᠢ ᠠᠶᠢᠮᠠᠭ ᠤᠨ ᠠᠶᠤᠯᠬᠦᠢ  ᠦᠢᠯᠡᠳᠪᠤᠷᠢᠯᠠᠯ ᠤᠨ ᠬᠠᠤᠯᠢ ᠬᠡᠷᠡᠭᠵᠢᠬᠦᠯᠬᠦ ᠶᠢ ᠬᠢᠨᠠᠨ ᠪᠠᠶᠢᠴᠠᠭᠠᠬᠤ ᠰᠠᠯᠪᠤᠷᠢ ᠠᠩᠬᠢ ︵ ᠲᠤᠲᠤᠭᠠᠲᠤ ᠪᠠᠨ ᠭᠠᠷᠭᠠᠭᠰᠠᠨ ᠠᠵᠢᠯ ᠦᠢᠯᠠᠰ ᠤᠨ ᠨᠢᠬᠡᠴᠠ︶ ᠭᠠᠷᠭᠠᠪᠠ᠃  ᠤᠲᠤ ᠶᠢᠨ ᠪᠠᠶᠢᠭ᠎ᠠ ᠠᠵᠢᠯᠲᠠᠨ ᠤ ᠤᠷᠤᠨ ᠲᠤᠭ᠎ᠠ 30 ᠨᠠᠷ᠎ᠠ᠂ ᠡᠬᠦᠨ ᠳᠤ ᠲᠦᠷᠤ ᠶᠢᠨ ᠠᠯᠪᠡᠲᠠᠨ 18  ᠨᠠᠷ᠎ᠠ᠂ ᠠᠷ ᠰᠠᠷ ᠠᠵᠢᠯ ᠤᠨ ᠠᠵᠢᠯᠴᠢᠨ 2 ᠨᠠᠷ᠎ᠠ᠂ ᠠᠵᠢᠯ ᠦᠢᠯᠠᠰ ᠤᠨ ᠤᠷᠤᠨ ᠲᠤᠭ᠎ᠠ ᠲᠠᠢ ᠬᠦᠮᠤᠨ 10  ᠨᠠᠷ᠎ᠠ ︵ ᠡᠬᠦᠨ ᠳᠤ 5 ᠬᠦᠮᠤᠨ ᠨᠢ ᠲᠦᠷᠤ ᠵᠢᠨ‌ᠠᠯᠪᠡᠲᠠᠨ ᠤ ᠬᠠᠮᠢᠶᠠᠷᠤᠯᠲᠠ ᠪᠠᠷ ᠯᠠᠪᠯᠠᠯᠲᠠ ᠪᠤᠯᠭᠠᠨ᠎ᠠ︶ ᠪᠤᠢ᠃        ᠭᠤᠤᠯᠲᠠᠭᠤ ︽ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠶᠤᠯᠬᠦᠢ ᠦᠢᠯᠡᠳᠪᠤᠷᠢᠯᠠᠯ ᠤᠨ ᠬᠠᠤᠯᠢ︾ ᠠᠴᠠ ᠤᠯᠭᠤᠭᠰᠠᠨ ᠠᠶᠤᠯᠬᠦᠢ ᠦᠢᠯᠡᠳᠪᠤᠷᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ ᠶᠢ ᠡᠬᠦᠷᠬᠡᠯᠠᠵᠤ᠂ ᠪᠦᠬᠦ ᠠᠶᠢᠮᠠᠭ ᠤᠨ ᠡᠯ᠎ᠠ ᠠᠵᠢᠯ ᠲᠦᠷᠤᠯ ᠤᠨ ᠠᠶᠤᠯᠬᠦᠢ ᠦᠢᠯᠡᠳᠪᠤᠷᠢᠯᠠᠯ ᠤᠨ ᠠᠵᠢᠯ ᠢ ᠶᠡᠷᠤᠩᠬᠡᠶᠢᠯᠠᠨ ᠬᠢᠨᠠᠨ ᠬᠠᠮᠢᠶᠠᠷᠴᠤ᠂ ᠡᠯ᠎ᠠ ᠬᠤᠰᠢᠭᠤ ᠰᠢᠶᠠᠨ ᠬᠤᠲᠠ ︵ᠤᠷᠤᠨ︶  ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠨᠢᠬᠡᠴᠠ ᠶᠢᠨ ᠠᠶᠤᠯᠬᠦᠢ ᠦᠢᠯᠡᠳᠪᠤᠷᠢᠯᠠᠯ ᠤᠨ ᠠᠵᠢᠯ  ᠳᠤ ᠬᠠᠤᠯᠢ ᠶᠤᠰᠤᠭᠠᠷ ᠬᠤᠷᠸ᠎ᠠ  ᠲᠠᠯ᠎ᠠ ᠠᠴᠠ ᠵᠢᠭᠠᠨ   ᠵᠢᠯᠤᠭᠤᠳᠬᠤ᠂  ᠶᠡᠷᠤᠩᠬᠡᠶᠢᠯᠠᠨ ᠵᠤᠬᠢᠴᠠᠭᠤᠯᠬᠤ ᠪᠠ ᠬᠢᠨᠠᠨ ᠪᠠᠶᠢᠴᠠᠭᠠᠵᠤ᠂  ᠠᠶᠤᠯᠬᠦᠢ ᠦᠢᠯᠡᠳᠪᠤᠷᠢᠯᠠᠯ ᠤᠨ ᠨᠡᠯᠢᠶᠠᠳ ᠶᠡᠭᠡ ᠵᠢᠴᠢ ᠴᠢᠬᠤᠯᠠ ᠶᠡᠭᠡ ᠠᠰᠠᠭᠤᠲᠠᠯ ᠢ ᠵᠤᠬᠢᠴᠠᠭᠤᠯᠤᠨ ᠰᠢᠢᠳᠪᠤᠷᠢᠯᠠᠵᠤ᠂  ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠢᠨᠠᠨ ᠰᠢᠯᠭᠠᠷᠠᠭᠤᠯᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂  ᠠᠲᠠᠯ ᠤᠨ ᠰᠢᠯᠲᠠᠭᠠᠨ ᠢ ᠪᠠᠶᠢᠴᠠᠭᠠᠨ ᠰᠤᠲᠤᠯᠬᠤ ᠪᠠ ᠬᠠᠷᠢᠭᠤᠴᠠᠯᠭ᠎ᠠ ᠨᠠᠬᠡᠮᠵᠢᠯᠠᠬᠦ ᠠᠵᠢᠯ ᠢ ᠴᠢᠩᠭ᠎ᠠ ᠶᠠᠪᠤᠭᠤᠯᠤᠨ᠎ᠠ︔ ᠨᠠᠬᠦᠷᠠᠰᠤᠨ ᠤ ᠪᠤᠰᠤ ᠠᠭᠤᠷᠬᠠᠢ᠂  ᠠᠶᠤᠯ ᠲᠠᠢ ᠬᠢᠮᠢ ᠶᠢᠨ ᠪᠤᠲᠠᠰ ᠢ ᠦᠢᠯᠡᠳᠪᠤᠷᠢᠯᠠᠵᠤ ᠡᠵᠡᠩᠨᠡᠬᠦ ᠪᠠ ᠬᠠᠲᠠᠭᠠᠯᠠᠬᠤ᠂ ᠬᠤᠸᠠᠷ ᠫᠤᠤᠵᠢᠩ᠂ ᠲᠠᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠦᠡᠭᠬᠡᠨ ᠠᠵᠤ ᠦᠢᠯᠡᠳᠪᠤᠷᠢ᠂  ᠨᠡᠬᠡᠮᠠᠯ ᠤᠨ ᠠᠵᠤ ᠦᠢᠯᠠᠰ᠂  ᠲᠤᠨᠤᠭᠯᠠᠯ ᠤᠨ ᠠᠵᠤ ᠦᠢᠯᠡᠳᠪᠤᠷᠢ ᠵᠠᠷᠬᠡ ᠦᠢᠯᠡᠳᠪᠤᠷᠢᠯᠠᠯ ᠡᠵᠡᠩᠨᠠᠯᠲᠠ ᠶᠢᠨ ᠨᠢᠬᠡᠴᠠ ᠶᠢᠨ ᠠᠶᠤᠯᠬᠦᠢ ᠦᠢᠯᠡᠳᠪᠤᠷᠢᠯᠠᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠬᠦᠮᠤᠨ ᠬᠡᠷᠡᠭᠯᠠᠬᠦ ᠨᠢᠬᠡᠴᠠ ᠶᠢᠨ ᠲᠤᠬᠠᠶᠢᠯᠠᠭᠰᠠᠨ ᠠᠵᠢᠯ ᠤᠨ  ᠡᠷᠠᠬᠦᠯ ᠬᠠᠮᠠᠭᠠᠯᠠᠯ ᠤᠨ ᠠᠵᠢᠯ ᠳᠤ ᠬᠠᠤᠯᠢ ᠶᠤᠰᠤᠭᠠᠷ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ︔ ᠡᠬᠦᠷᠬᠡ ᠬᠠᠷᠢᠭᠤᠴᠠᠯᠭ᠎ᠠ ᠶᠢᠨ ᠬᠡᠪᠴᠢᠶᠠᠨ ᠳᠠᠬᠢ ᠪᠦᠲᠤᠬᠡᠨ ᠪᠠᠶᠢᠭᠤᠯᠤᠯᠲᠠ ᠶᠢᠨ ᠲᠦᠷᠤᠯ ᠵᠦᠢᠯ ᠤᠨ ᠠᠶᠤᠯᠬᠦᠢ  ᠶᠢᠨ ᠲᠦᠬᠦᠬᠡᠷᠤᠮᠵᠢ ᠪᠤᠯᠤᠨ ᠠᠵᠢᠯ ᠲᠦᠷᠤᠯ ᠤᠨ ᠠᠲᠠᠯ ᠠᠴᠠ ᠰᠠᠷᠬᠡᠶᠢᠯᠠᠬᠦ ᠲᠦᠬᠦᠬᠡᠷᠤᠮᠵᠢ ᠳᠤ ︽ ᠭᠤᠷᠪᠠ ᠶᠢ ᠵᠠᠷᠬᠡ ᠳᠤᠨᠢ ᠶᠠᠪᠤᠭᠤᠯᠬᠤ︾  ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠦᠢᠯᠡᠳᠪᠤᠷᠢᠯᠠᠯ ᠤᠨ ᠠᠶᠤᠯᠬᠦᠢ  ᠶᠢᠨ ᠠᠲᠠᠯ ᠢ ᠪᠠᠴᠢᠮ ᠢᠶᠠᠷ ᠠᠷᠭᠠᠴᠠᠵᠤ ᠠᠪᠤᠷᠠᠬᠤ ᠠᠵᠢᠯ ᠢ ᠵᠤᠬᠢᠶᠠᠨ ᠪᠠᠶᠢᠭᠤᠯᠬᠤ᠂ ᠵᠢᠯᠤᠭᠤᠳᠬᠤ ᠪᠠ ᠵᠤᠬᠢᠴᠠᠭᠤᠯᠬᠤ ᠠᠵᠢᠯ ᠢ ᠬᠠᠷᠢᠭᠤᠴᠠᠨ᠎ᠠ︔ ᠨᠠᠯᠢᠶᠠᠳ ᠶᠡᠭᠡ ᠪᠤᠶᠤ ᠠᠶᠢᠮᠠᠭ ᠤᠨ ᠵᠠᠬᠢᠷᠭ᠎ᠠ ᠠᠴᠠ ᠪᠠᠶᠢᠴᠠᠭᠠᠨ ᠰᠢᠢᠳᠪᠤᠷᠢᠯᠠᠬᠦᠯᠬᠦ ᠪᠠᠷ  ᠱᠠᠭᠠᠷᠲᠠᠭᠰᠠᠨ ᠦᠢᠯᠡᠳᠪᠤᠷᠢᠯᠠᠯ ᠤᠨ ᠡᠩ ᠤᠨ ᠴᠢᠨᠠᠷᠲᠠᠢ ᠠᠲᠠᠯ ᠢ ᠪᠠᠶᠢᠴᠠᠭᠠᠨ ᠰᠢᠢᠳᠪᠤᠷᠢᠯᠠᠬᠦ ᠠᠵᠢᠯ ᠢ ᠵᠤᠬᠢᠶᠠᠨ ᠪᠠᠶᠢᠭᠤᠯᠤᠨ᠎ᠠ︔ ᠠᠶᠢᠮᠠᠭ ᠤᠨ ᠠᠶᠤᠯᠬᠦᠢ ᠦᠢᠯᠡᠳᠪᠤᠷᠢᠯᠠᠯ ᠤᠨ ᠵᠦᠪᠯᠠᠯ ᠤᠨ ᠠᠯᠪᠡᠨ ᠬᠡᠷ ᠤᠨ ᠡᠬᠦᠷᠬᠡ ᠬᠠᠷᠢᠭᠤᠴᠠᠯᠭ᠎ᠠ ᠶᠢ ᠡᠬᠦᠷᠬᠡᠯᠠᠨ᠎ᠠ︔ ᠬᠠᠤᠯᠢ ᠴᠠᠭᠠᠵᠠ᠂ ᠬᠠᠤᠯᠢ ᠲᠦᠷᠢᠮ ᠪᠤᠯᠤᠨ ᠲᠦᠷᠢᠮ ᠲᠤᠭᠲᠠᠭᠠᠯ ᠳᠤ ᠲᠤᠭᠲᠠᠭᠠᠭᠰᠠᠨ ᠠᠶᠤᠯᠬᠦᠢ ᠦᠢᠯᠡᠳᠪᠤᠷᠢᠯᠠᠯ ᠤᠨ ᠪᠤᠰᠤᠤᠨ ᠡᠬᠦᠷᠬᠡ ᠬᠠᠷᠢᠭᠤᠴᠠᠯᠭ᠎ᠠ ᠶᠢ ᠴᠦ ᠡᠬᠦᠷᠬᠡᠯᠠᠨ᠎ᠠ᠃     ᠪᠠᠶᠢᠭᠤᠯᠤᠯᠭ᠎ᠠ ᠶᠢᠨ ᠬᠠᠶ᠋ᠢᠭ᠄ ᠰᠢᠯᠢ ᠶᠢᠨ ᠭᠤᠤᠯ  ᠠᠶᠢᠮᠠᠭ ᠤᠨ ᠨᠠᠮ ᠵᠠᠰᠠᠭ ᠤᠨ ᠲᠤᠮᠤ ᠠᠰᠠᠷ ᠤᠨ 0228 ᠲᠠᠰᠤᠭ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠠᠶᠤᠯᠬᠦᠢ ᠦᠢᠯᠡᠳᠪᠤᠷᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号