︽ᠶᠤᠸᠠᠨ ᠤ ᠳᠡᠭᠡᠳᠦ ᠨᠡᠶᠢᠰᠯᠡᠯ︾ ᠢᠷᠠᠭᠤ ᠨᠠᠶᠢᠷᠠᠭ ᠤᠨ ᠤᠷᠤᠯᠳᠤᠭᠠᠨ ᠰᠢᠯᠦᠭᠤᠨ ᠬᠦᠭᠡ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2017/5/4
    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠡᠯᠡᠭᠡᠢ ᠶᠢᠨ ᠰᠤᠶᠤᠯ ᠤᠨ ᠦᠪ ᠲᠤ ᠪᠦᠷᠢᠳᠭᠡᠭᠳᠡᠭᠰᠡᠨ 5 ᠵᠢᠯ ᠤᠨ ᠤᠢ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠳᠦᠷᠢᠮ︾ ᠭᠡᠷᠡᠭᠵᠢᠬᠦᠯᠦᠭᠳᠡᠭᠰᠡᠨ 13 ᠵᠢᠯ ᠤᠨ ᠤᠢ ᠶᠢ ᠳᠤᠬᠢᠶᠠᠯᠳᠤᠭᠤᠯᠤᠨ᠂ ᠪᠠᠷᠢᠮᠵᠢᠶ᠎ᠠ ᠠᠪᠢᠶ᠎ᠠ ᠶᠢ ᠨᠡᠩ ᠰᠠᠶᠢᠨ ᠳᠦᠭᠡᠮᠡᠯᠵᠢᠬᠦᠯᠬᠦ᠂ ᠮᠤᠩᠭᠤᠯ ᠬᠡᠯᠡ ᠪᠢᠴᠢᠭ ᠤᠨ ᠠᠵᠢᠯ ᠤᠨ ᠳᠦᠷᠢᠮ ᠢ ᠤᠯᠠᠮ ᠳᠤᠤᠱᠳᠠᠢ ᠨᠠᠶᠢᠳᠠᠪᠤᠷᠢᠵᠢᠭᠤᠯᠤᠨ ᠭᠡᠷᠡᠭᠵᠢᠬᠦᠯᠬᠦ ᠵᠤᠷᠢᠯᠭ᠎ᠠ ᠪᠠᠷ 4 ᠳ᠋ᠤᠭᠡᠷ ᠰᠠᠷ᠎ᠠ ᠶᠢᠨ 28᠎ ᠤ ᠡᠳᠦᠷ ᠰᠢᠯᠤᠭᠤᠨ ᠬᠦᠭᠡ ᠬᠤᠰᠢᠭᠤᠨ ᠤ ᠱᠠᠩᠳᠥ ᠪᠠᠯᠭᠠᠰᠤᠨ ᠳᠤ ︽ᠶᠤᠸᠠᠨ ᠤ ᠳᠡᠭᠡᠳᠦ ᠨᠡᠶᠢᠰᠯᠡᠯ︾ ᠢᠷᠠᠭᠤ ᠨᠠᠶᠢᠷᠠᠭ ᠤᠨ ᠤᠷᠤᠯᠳᠤᠭᠠᠨ ᠶᠠᠪᠤᠭᠳᠠᠯ᠎ᠠ᠃       ᠰᠢᠯᠤᠭᠤᠨ ᠬᠦᠭᠡ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠳᠤᠪᠴᠢᠶ᠎ᠠ ᠪᠤᠯᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠬᠠᠮᠳᠤᠷᠠᠨ ᠡᠷᠬᠢᠯᠡᠭᠰᠡᠨ ᠲᠣᠰ ᠤᠷᠤᠯᠳᠤᠭᠠᠨ ᠨᠢ 3 ᠳ᠋ᠤᠭᠠᠷ ᠰᠠᠷ᠎ᠠ ᠶᠢᠨ 28᠎ ᠠᠴᠠ 4 ᠳ᠋ᠦ᠋ᠭᠡᠷ ᠰᠠᠷ᠎ᠠ ᠶᠢᠨ 18 ᠪᠤᠯᠳᠠᠯ᠎ᠠ ᠡᠭᠡ ᠪᠢᠴᠢᠭ ᠡᠯᠰᠡᠵᠦ᠂ ᠪᠦᠬᠦ ᠠᠶᠢᠮᠠᠭ ᠤᠨ ᠡᠯ᠎ᠠ ᠬᠤᠰᠢᠭᠤᠳ ᠤᠨ 60 ᠢᠷᠠᠭᠤ ᠨᠠᠶᠢᠷᠠᠭᠴᠢ ᠪᠦᠳᠦᠭᠡᠯ ᠢᠶᠠᠨ ᠳᠡᠪᠰᠢᠬᠦᠯᠵᠦ᠂ ᠰᠢᠢᠳᠪᠤᠷᠢᠳᠦ ᠤᠷᠤᠯᠳᠤᠭᠠᠨ ᠳᠤ 15 ᠨᠠᠶᠢᠷᠠᠭᠴᠢ ᠤᠷᠤᠯᠴᠠᠵᠠᠢ᠃ ᠤᠷᠤᠯᠳᠤᠭᠠᠨ ᠤ ᠦᠷ᠎ᠡ ᠳ᠋ᠦᠡᠭ ᠳᠤ ᠰᠢᠯᠤᠭᠤᠨ ᠬᠦᠭᠡ ᠬᠤᠰᠢᠭᠤ ᠪᠠᠷ ᠨᠤᠲᠤᠭᠳᠠᠢ ᠰ᠊ · ᠪᠤᠯᠤᠷ ︽ᠦᠭᠡᠷ᠎ᠡ ᠤᠷᠴᠢᠯᠠᠩ ᠢᠶᠠᠷ ᠠᠶᠠᠯᠠᠭᠠᠳ ᠢᠷᠡᠭᠰᠡᠨ ᠨᠠᠪᠴᠢᠨ ᠠᠴᠠ ᠠᠰᠠᠭᠤᠬᠤ ᠦᠭᠡ︾ ᠭᠡᠬᠦ ᠰᠢᠯᠦᠭ ᠢᠶᠠᠷ ᠳᠡᠷᠢᠬᠦᠯᠡᠨ ᠢᠷᠠᠭᠤ ᠨᠠᠶᠢᠷᠠᠭ ᠤᠨ ᠨᠠᠭᠠᠳᠤᠮ ᠤᠨ ᠬᠡᠶᠢᠮᠦᠷᠢ ᠶᠢ ᠡᠷᠬᠦᠵᠥ᠂ ᠵᠡᠬᠦᠨ ᠦᠵᠦᠮᠦᠴᠢᠨ ᠬᠤᠰᠢᠭᠤᠨ ᠤ ᠷᠢ᠊ · ᠰᠡᠴᠡᠨᠳᠦ ︽ᠱᠠᠩᠳᠦ ᠮᠢᠨᠢ ᠪᠢᠳᠡ ᠴᠢᠨᠦ ᠳᠦᠯᠦᠭᠡ︾᠂ ᠰᠢᠯᠢ ᠶᠢᠨ ᠬᠤᠳᠠ ᠶᠢᠨ ᠱᠢᠷᠦᠨᠴᠢᠮᠡᠭ ︽ᠦᠨᠳᠦᠷ ᠳᠡᠭᠷᠢ ᠳᠤ ᠡᠷᠬᠦᠬᠦ ᠤᠶᠠᠩᠭ᠎ᠠ︾ ᠰᠢᠯᠦᠭ ᠢᠶᠠᠷ ᠢᠶᠠᠨ ᠳᠡᠳ᠋ᠯᠡᠵᠦ᠂ ᠰᠢᠯᠤᠭᠤᠨ ᠬᠦᠭᠡ ᠬᠤᠰᠢᠭᠤᠨ ᠤ ᠪᠠ᠊ · ᠴᠡᠩᠭᠡᠯᠳᠦ ︽ᠭᠡᠷᠡᠴᠢ ᠰᠢᠯᠦᠭ︾᠂ ᠰᠦᠨᠢᠳ ᠵᠡᠬᠦᠨ ᠬᠤᠰᠢᠭᠤᠨ ᠤ ᠲ᠊ · ᠨᠠᠷᠠᠨᠭᠡᠷᠡᠯ ︽ᠪᠢ ᠴᠡᠷᠢᠭ ᠠᠬ᠎ᠠ ᠲᠠᠢ︾᠂ ᠰᠢᠯᠤᠭᠤᠨ ᠬᠦᠭᠡ ᠬᠤᠰᠢᠭᠤᠨ ᠤ ᠡ᠊ · ᠴᠠᠭᠠᠨᠴᠢᠯᠠᠭᠤ ︽ᠪᠦᠭᠡ ᠶᠢᠨ ᠡᠮᠦᠰᠭᠡᠯ ᠤᠨ ᠮᠠᠭᠳᠠᠭᠠᠯ︾ ᠰᠢᠯᠦᠭ ᠢᠶᠠᠷ ᠢᠶᠠᠨ ᠭᠤᠷᠪᠠᠳᠤᠭᠠᠷ ᠳᠡᠰ ᠲᠤ ᠤᠷᠤᠭᠰᠠᠨ ᠪᠢᠯᠡ᠃       ᠪᠠᠷᠢᠮᠵᠢᠶ᠎ᠠ ᠠᠪᠢᠶᠠᠨ ᠤ ᠨᠤᠲᠤᠭ ᠪᠤᠯᠤᠭᠰᠠᠨ ᠰᠢᠯᠤᠭᠤᠨ ᠬᠦᠭᠡ ᠬᠤᠰᠢᠭᠤ ᠮᠠᠨᠢ ᠢᠷᠠᠭᠤ ᠨᠠᠶᠢᠷᠠᠭ ᠤᠨ ᠤᠷᠤᠯᠳᠤᠭᠠᠨ ᠳᠤ ᠤᠷᠤᠯᠴᠠᠭᠰᠠᠨ ᠨᠠᠶᠢᠷᠠᠭᠴᠢᠳ ᠤᠨ ᠢᠶᠠᠨ ᠢᠷᠠᠭᠤ ᠨᠠᠶᠢᠷᠠᠭ ᠤᠨ ᠪᠦᠳᠦᠭᠡᠯ ᠳᠤᠨᠢ ᠬᠤᠪᠢ ᠤᠯᠭᠤᠭᠰᠠᠨ ᠰᠠᠭᠤᠷᠢᠨ ᠳᠡᠭᠡᠷ᠎ᠡ ᠤᠷᠤᠯᠳᠤᠭᠠᠨ ᠤ ᠠᠬᠤᠢ ᠳᠠᠯᠠᠪᠠᠢ ᠳᠤ ᠤᠷᠠᠨ ᠤᠡᠭᠰᠢᠯᠭ᠎ᠠ ᠶᠢᠨ ᠳᠠᠯ᠎ᠠ ᠪᠠᠷ ᠬᠤᠪᠢ ᠤᠯᠭᠤᠵᠦ᠂ ᠪᠠᠷᠢᠮᠵᠢᠶ᠎ᠠ ᠠᠪᠢᠶ᠎ᠠ ᠪᠠᠷ ᠤᠶᠠᠩᠭᠠᠯᠠᠬᠤ ᠶᠢ ᠨᠢᠭᠡ ᠳᠠᠯ᠎ᠠ ᠶᠢᠨ ᠪᠠᠷᠢᠮᠵᠢᠶ᠎ᠠ ᠪᠤᠯᠭᠠᠭᠰᠠᠨ ᠶᠤᠮ᠃ ᠳᠤᠰ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠪᠠᠶᠢᠡᠭᠭᠤ ᠶᠢᠨ ᠳᠡᠳ᠋ ᠳᠡᠷᠢᠬᠦᠯᠡᠭᠴᠢ ᠳᠡᠭᠦᠰ᠄ ︽ᠮᠠᠨ ᠤ ᠬᠢᠨᠠᠭᠴᠢ ᠰᠧᠷᠡᠩᠸᠠᠩᠵᠢᠯ ᠪᠠᠭᠰᠢ ᠠᠴᠠ ᠰᠢᠢᠳᠪᠤᠷᠢᠳᠦ ᠤᠷᠤᠯᠳᠤᠭᠠᠨ ᠳᠤ ᠤᠷᠤᠯᠴᠠᠭᠰᠠᠨ ᠪᠦᠬᠦ ᠢᠷᠠᠭᠤ ᠨᠠᠶᠢᠷᠠᠭᠴᠢᠳ ᠤᠨ ᠪᠦᠳᠦᠭᠡᠯ ᠢ ᠨᠠᠷᠢᠨ ᠵᠠᠳᠠᠯᠵᠦ ᠦᠭᠬᠦᠭᠰᠡᠨ᠂ ᠤᠨᠤᠭ᠎ᠠ ᠨᠢ ᠶᠡᠭᠡ ᠠᠯᠳᠠᠭ᠎ᠠ ᠨᠢ ᠪᠠᠭ᠎ᠠ ᠪᠠᠶᠢᠭᠰᠠᠨ ᠪᠤᠯᠬᠤᠷ ᠠᠮᠵᠢᠯᠳᠠ ᠤᠯᠤᠯ᠎ᠠ ᠭᠡᠵᠦ ᠪᠤᠳᠤᠵᠦ ᠪᠠᠶᠢᠨ᠎ᠠ᠃ ᠤᠷᠤᠯᠳᠤᠭᠠᠨ ᠬᠢᠭᠰᠡᠨ ᠵᠤᠷᠢᠯᠭ᠎ᠠ ᠳᠠᠭᠠᠨ ᠬᠦᠷᠦᠭᠰᠡᠨ︾ ᠭᠡᠵᠦ ᠶᠠᠷᠢᠵᠦ ᠪᠠᠶᠢᠯ᠎ᠠ᠃
 
ᠢᠷᠡᠯᠲᠡ᠄ ᠰᠢᠯᠢ ᠶᠢᠨ ᠭᠤᠤᠯ ᠤᠨ ᠡᠳᠤᠷ ᠤᠨ ᠰᠤᠨᠢᠨ ᠤ ᠰᠤᠶᠤᠯ ᠭᠠᠷᠠᠭ ᠤᠨ ᠬᠡᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号