ᠵᠢᠷᠭᠠᠯ ᠨᠦᠬᠦᠷ ᠤᠨ ᠪᠠᠭᠠᠳᠤᠷᠯᠢᠭ ᠦᠢᠯᠡ ᠠᠵᠢᠯᠯᠠᠭ᠎ᠠ ᠶᠢ ᠡᠬᠦᠷᠢᠳᠡ ᠪᠠᠳᠤ ᠴᠡᠭᠡᠵᠢᠯᠡᠨ ᠬᠦᠨᠵᠡᠭᠡᠢ ᠰᠤᠷᠤᠯᠴᠠᠵᠤ ᠨᠠᠮ ᠤᠨ ᠰᠠᠶᠢᠨ ᠺᠠᠳ᠋ᠷ ᠠᠷᠠᠳ ᠳᠦᠮᠡᠨ ᠤ ᠳᠤᠳᠤᠨᠤ ᠬᠦᠮᠤᠨ ᠪᠤᠯᠬᠤ ᠬᠡᠷᠡᠭᠳᠡᠢ
ᠨᠡᠶᠢᠲᠡᠯᠡᠭᠰᠡᠨ ᠴᠠᠭ᠄
2017/5/4
    4 ᠳ᠋ᠤᠭᠡᠷ ᠰᠠᠷ᠎ᠠ ᠶᠢᠨ 23 ᠤ ᠡᠲᠥᠷ᠂ ᠪᠥᠬᠦ ᠤᠯᠤᠰ ᠤᠨ ᠶᠤᠰᠤ ᠰᠤᠷᠲᠠᠬᠤᠨ ᠤ ᠵᠢᠱᠢᠶᠡᠴᠢ ᠵᠢᠷᠭᠠᠯ ᠨᠥᠬᠦᠷ ᠪᠡᠶ᠎ᠠ ᠥᠷᠡᠭᠲᠡᠭᠰᠡᠨ ᠬᠤᠶᠠᠷ ᠵᠢᠯ ᠤᠨ ᠤᠢ ᠳᠤ᠂ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠪᠠᠷᠠᠭᠤᠨ ᠥᠵᠥᠮᠥᠴᠢᠨ ᠬᠤᠰᠢᠭᠤᠨ ᠳᠤ ᠵᠢᠷᠭᠠᠯ ᠤᠨ ᠠᠪᠤ ᠡᠵᠢ ᠶᠢ ᠡᠷᠬᠢᠨ ᠦᠵᠡᠵᠦ ᠲᠤᠬᠤᠨᠢᠭᠤᠯᠤᠨ᠂ ᠬᠤᠶᠠᠷ ᠨᠠᠰᠤᠳᠠᠨ ᠤ ᠠᠮᠢᠲᠤᠷᠠᠯ ᠪᠤᠯᠤᠨ ᠪᠡᠶ᠎ᠠ ᠶᠢᠨ ᠡᠷᠡᠬᠦᠯ ᠴᠢᠬᠢᠷᠠᠭ ᠤᠨ ᠪᠠᠶᠢᠲᠠᠯ ᠢ ᠤᠢᠢᠯᠠᠭᠠᠭᠰᠠᠨ ᠪᠥᠭᠡᠳ ᠨᠠᠮ ᠤᠨ ᠰᠠᠶᠢᠨ ᠺᠠᠳ᠋ᠷ ᠬᠥᠮᠥᠵᠢᠬᠦᠯᠥᠭᠰᠡᠨ ᠳᠤ ᠪᠠᠶᠠᠷᠯᠠᠨ ᠲᠠᠯᠠᠷᠬᠠᠵᠥ ᠪᠠᠶᠢᠭ᠎ᠠ ᠰᠡᠳᠬᠢᠯᠭᠡ ᠪᠠᠨ ᠢᠯᠡᠳᠭᠡᠪᠡ᠃ ᠲᠡᠷᠡ ᠵᠢᠭᠠᠬᠤ ᠳᠠᠭᠠᠨ᠂ ᠪᠥᠬᠦ ᠠᠶᠢᠮᠠᠭ ᠢᠶᠠᠷ ᠢᠶᠠᠨ ᠵᠢᠷᠭᠠᠯ ᠨᠥᠬᠦᠷ ᠢᠶᠠᠷ ᠲᠠᠭᠤᠷᠢᠶᠠᠯ ᠪᠤᠯᠭᠠᠵᠥ᠂ ᠲᠡᠬᠦᠨ ᠤ ᠡᠷᠡᠰ ᠪᠠᠲᠤ ᠢᠲᠡᠭᠡᠯ ᠪᠢᠰᠢᠷᠠᠯ᠂ ᠨᠠᠮ ᠳᠠᠭᠠᠨ ᠥᠨᠡᠨᠴᠢ ᠤᠯᠤᠰ ᠲᠥᠷᠥ ᠶᠢᠨ ᠬᠡᠪ ᠰᠤᠷᠲᠠᠯ ᠠᠴᠠ ᠰᠤᠷᠤᠯᠴᠠᠵᠥ᠂ ᠨᠠᠮ ᠤᠨ ᠰᠠᠶᠢᠨ ᠺᠠᠳ᠋ᠷ ᠠᠷᠠᠳ ᠲᠥᠮᠡᠨ ᠤ ᠲᠤᠲᠤᠨᠤ ᠬᠥᠮᠥᠨ ᠪᠤᠯᠬᠤ ᠪᠠᠷ ᠴᠢᠷᠮᠠᠶᠢᠬᠤ ᠬᠡᠷᠡᠭᠲᠡᠢ ᠬᠡᠪᠡ᠃       2015 ᠤᠨ ᠤ 4 ᠳ᠋ᠤᠭᠡᠷ ᠰᠠᠷ᠎ᠠ ᠶᠢᠨ 22 ᠤᠨ ᠡᠲᠥᠷ᠂ ᠪᠠᠷᠠᠭᠤᠨ ᠥᠵᠥᠮᠥᠴᠢᠨ ᠬᠤᠰᠢᠭᠤᠨ ᠳᠤ ᠨᠤᠲᠤᠭ ᠪᠡᠯᠴᠢᠭᠡᠷ ᠤᠨ ᠲᠥᠢᠮᠡᠷ ᠡᠬᠦᠰᠴᠥ᠂ ᠲᠤᠬᠠᠢ ᠶᠢᠨ ᠥᠶ᠎ᠠ ᠳᠤ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶᠠᠨ ᠤ ᠲᠠᠷᠤᠭ᠎ᠠ᠂ ᠭᠠᠯ ᠰᠡᠷᠭᠡᠶᠢᠯᠡᠬᠦ ᠠᠯᠪᠠᠨ ᠭᠡᠷ ᠤᠨ ᠡᠷᠬᠢᠯᠡᠭᠴᠢ ᠪᠠᠶᠢᠭᠰᠠᠨ ᠵᠢᠷᠭᠠᠯ ᠨᠥᠬᠦᠷ ᠲᠥᠢᠮᠡᠷ ᠤᠨᠲᠠᠷᠠᠭᠠᠬᠤ ᠲᠤᠮᠲᠠ᠂ ᠬᠤᠪᠢ ᠪᠡᠶ᠎ᠠ ᠶᠢᠨ ᠠᠮᠤᠷ ᠲᠥᠪᠰᠢᠨ ᠢᠶᠠᠨ ᠬᠠᠶᠢᠬᠤᠷᠤᠯ ᠥᠭᠡᠢ᠂ ᠨᠤᠲᠤᠭ ᠪᠡᠯᠴᠢᠭᠡᠷ ᠪᠤᠯᠤᠨ ᠤᠯᠠᠨ ᠲᠥᠮᠡᠨ ᠤ ᠠᠮᠢ ᠨᠠᠰᠤ ᠡᠳ᠋ ᠬᠥᠷᠥᠩᠭᠡ ᠶᠢ ᠬᠠᠮᠠᠭᠠᠯᠠᠬᠤ ᠶᠢᠨ ᠲᠥᠯᠥᠭᠡ ᠡᠷᠡᠯᠭᠡᠭ ᠢᠶᠠᠷ ᠪᠡᠶ᠎ᠠ ᠥᠷᠡᠭᠲᠡᠵᠡᠢ᠃       ᠵᠢᠷᠭᠠᠯ ᠤᠨ ᠠᠪᠤ ᠡᠵᠢ ᠶᠢᠨ ᠬᠢᠨ ᠳᠤ᠂ ᠯᠥᠸᠧ ᠬᠤ᠋ ᠽᠠᠢ ᠵᠢᠷᠭᠠᠯ ᠨᠥᠬᠦᠷ ᠤᠨ ᠢᠷᠠᠭᠤ ᠠᠯᠲᠠᠷ ᠤᠨ ᠥᠨᠡᠮᠯᠡᠯ᠂ ᠡᠲᠥᠷ ᠤᠨ ᠲᠡᠮᠲᠡᠭᠯᠡᠯ ᠪᠤᠯᠤᠨ ᠪᠠᠭᠠᠲᠤᠷᠯᠢᠭ ᠥᠢᠯᠡ ᠠᠵᠢᠯᠯᠠᠭ᠎ᠠ ᠶᠢ ᠨᠢ ᠮᠡᠲᠡᠭᠡᠯᠡᠭᠰᠡᠨ ᠲᠡᠬᠦᠪᠤᠷᠢ ᠶᠢ ᠨᠠᠷᠢᠨ ᠬᠢᠨᠠᠮᠠᠭᠠᠢ ᠤᠷᠪᠠᠭᠤᠯᠤᠨ ᠥᠵᠡᠪᠡ᠃ ᠲᠡᠷᠡ᠂ ᠵᠢᠷᠭᠠᠯ ᠨᠥᠬᠦᠷ ᠤᠨ ᠢᠲᠡᠭᠡᠯ ᠪᠢᠰᠢᠷᠠᠯ ᠡᠷᠡᠰ ᠪᠠᠲᠤ᠂ ᠨᠠᠮ ᠪᠤᠯᠤᠨ ᠠᠷᠠᠳ ᠲᠥᠮᠡᠨ ᠳᠡᠭᠡᠨ ᠥᠨᠡᠨᠴᠢ ᠰᠢᠲᠤᠷᠭᠤ᠂ ᠵᠤᠷᠢᠭᠲᠠᠢ ᠪᠠᠷ ᠬᠠᠷᠢᠭᠤᠴᠠᠬᠤ᠂ ᠭᠤᠶᠠᠴᠢ ᠥᠭᠡᠢ ᠵᠢᠳᠬᠦᠬᠦ ᠡᠷᠬᠢᠮ ᠲᠡᠭᠡᠲᠥ ᠵᠤᠷᠢᠭ ᠰᠠᠨᠠᠭ᠎ᠠ᠂ ᠠᠷᠠᠳ ᠲᠥᠮᠡᠨ ᠤ ᠲᠥᠯᠥᠭᠡ ᠥᠢᠯᠡᠴᠢᠯᠡᠬᠦ᠂ ᠥᠨᠡᠨ ᠪᠤᠲᠠᠲᠠᠢ ᠠᠵᠢᠯᠯᠠᠬᠤ ᠯᠠᠪᠲᠠᠭᠤᠨ ᠪᠠᠲᠤᠲᠠᠢ ᠠᠵᠢᠯ ᠤᠨ ᠬᠡᠪ ᠰᠤᠷᠲᠠᠯ ᠨᠢ ᠥᠷᠭᠡᠨ ᠤᠯᠠᠨ ᠨᠠᠮ ᠤᠨ ᠬᠡᠰᠢᠬᠦᠨ ᠺᠠᠳ᠋ᠷ ᠲᠤ ᠤᠬᠢ ᠰᠠᠶᠢᠨ ᠲᠠᠭᠤᠷᠢᠶᠠᠯ ᠪᠤᠯᠵᠠᠢ ᠭᠡᠵᠥ ᠬᠥᠨ ᠰᠡᠳᠬᠢᠯᠭᠡ ᠲᠠᠢ ᠪᠠᠷ ᠶᠠᠷᠢᠪᠠ᠃       ᠯᠥᠸᠧ ᠬᠤ᠋ ᠽᠠᠢ ᠱᠠᠭᠠᠷᠲᠠᠬᠤ ᠳᠠᠭᠠᠨ᠂ ᠪᠥᠬᠦ ᠠᠶᠢᠮᠠᠭ ᠤᠨ ᠥᠷᠭᠡᠨ ᠤᠯᠠᠨ ᠨᠠᠮ ᠤᠨ ᠬᠡᠰᠢᠬᠦᠨ ᠺᠠᠳ᠋ᠷ ᠵᠢᠷᠭᠠᠯ ᠨᠥᠬᠦᠷ ᠢᠶᠠᠷ ᠲᠠᠭᠤᠷᠢᠶᠠᠯ ᠪᠤᠯᠭᠠᠵᠥ᠂ ︽ᠲᠥᠷᠪᠡᠨ ᠵᠥᠢᠯ ᠤᠨ ᠤᠬᠠᠮᠰᠠᠷ︾ ᠢᠶᠠᠨ ᠤᠯᠠᠮ ᠴᠢᠩᠭᠠᠳᠬᠠᠵᠥ᠂ ᠬᠥᠰᠡᠯᠡᠩ ᠢᠲᠡᠭᠡᠯ ᠪᠢᠰᠢᠷᠠᠯ ᠢᠶᠠᠨ ᠪᠠᠲᠤᠳᠬᠠᠵᠥ᠂ ᠠᠷᠠᠳ ᠲᠥᠮᠡᠨ ᠢᠶᠠᠷ ᠭᠤᠤᠯ ᠪᠤᠯᠭᠠᠭᠰᠠᠨ ᠤᠯᠠᠨ ᠲᠥᠮᠡᠨᠴᠢ ᠥᠵᠡᠯᠲᠡ ᠶᠢ ᠪᠠᠲᠤ ᠪᠤᠢ ᠪᠤᠯᠭᠠᠵᠥ᠂ ᠤᠭ ᠰᠠᠨᠠᠭ᠎ᠠ ᠪᠠᠨ ᠥᠯᠥ ᠮᠠᠷᠲᠠᠵᠥ᠂ ᠵᠤᠷᠢᠭᠲᠠᠢ ᠪᠠᠷ ᠬᠠᠷᠢᠭᠤᠴᠠᠵᠥ᠂ ᠰᠢᠷᠭᠠᠭᠤ ᠬᠠᠲᠠᠭᠤᠵᠢᠯᠲᠠᠢ ᠠᠵᠢᠯᠯᠠᠵᠥ᠂ ᠨᠠᠮ ᠤᠨ ᠰᠠᠶᠢᠨ ᠺᠠᠳ᠋ᠷ᠂ ᠠᠷᠠᠳ ᠲᠥᠮᠡᠨ ᠤ ᠲᠤᠲᠤᠨᠤ ᠬᠥᠮᠥᠨ ᠪᠤᠯᠬᠤ ᠪᠠᠷ ᠴᠢᠷᠮᠠᠶᠢᠵᠥ᠂ ᠨᠡᠩ ᠤᠷᠬᠢᠯᠥᠮ᠎ᠠ ᠬᠠᠯᠠᠭᠤᠨ ᠰᠡᠳᠬᠢᠯᠭᠡ ᠪᠠᠷ ᠡᠯ᠎ᠠ ᠵᠥᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠬᠡᠪᠡ᠃     ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠤᠤ ᠳ᠋ᠧ ᠶᠥᠡᠭ ᠪᠠᠷ᠎ᠠ ᠪᠤᠯᠵᠥ ᠲᠤᠬᠤᠨᠢᠭᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号