ᠪᠥᠬᠦ ᠠᠶᠢᠮᠠᠭ ᠤᠨ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄
2017/5/4
    4 ᠳ᠋ᠤᠭᠡᠷ ᠰᠠᠷ᠎ᠠ ᠶᠢᠨ 28 ᠤ ᠡᠲᠥᠷ᠂ ᠪᠥᠬᠦ ᠠᠶᠢᠮᠠᠭ ᠤᠨ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠰᠢᠯᠢ ᠶᠢᠨ ᠬᠤᠲᠠ ᠳᠤ ᠬᠤᠷᠠᠯᠲᠤᠪᠠ᠃ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠥ᠂ ᠥᠪᠡᠷᠲᠡᠭᠡᠨ ᠵᠠᠰᠠᠬᠤ ᠤᠷᠤᠨ ᠪ᠊ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠤᠨ ᠲᠥᠷᠪᠡᠲᠥᠭᠡᠷ ᠪᠠᠶᠢᠴᠠᠭᠠᠨ ᠵᠢᠯᠤᠭᠤᠳᠬᠤ ᠲᠤᠭᠤᠢᠢᠯᠠᠩ ᠤᠨ ᠲᠠᠷᠤᠭ᠎ᠠ ᠳ᠋ᠥᠡᠭ ᠬᠠᠨ ᠵᠥᠡᠭ ᠶᠠᠷᠢᠶ᠎ᠠ ᠲᠠᠯᠪᠢᠵᠥ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠸᠠᠩ ᠶᠥᠡᠭ ᠮᠢᠩ ᠶᠡᠷᠥᠩᠭᠡᠢ ᠱᠥᠵᠢ ᠰᠢ ᠶᠢᠨ ᠫᠢᠡᠭ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠪ᠊ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃       ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠂ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠢ ᠤᠲᠤᠷᠢᠲᠤᠯᠭ᠎ᠠ᠂ ᠠᠶᠢᠮᠠᠭ ᠤᠨ ᠠᠷᠠᠳ ᠤᠨ ᠲᠤᠮᠲᠠ ᠵᠡᠷᠭᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠪᠠᠶᠢᠴᠠᠭᠠᠭᠴᠢ ᠲᠠᠷᠤᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ ᠶᠢᠨ ᠨᠠᠮ ᠤᠨ ᠬᠤᠷᠢᠶᠠᠨ ᠤ ᠱᠥᠵᠢ᠂ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠨ ᠵᠢᠯᠤᠭᠤᠳᠬᠤ ᠲᠤᠭᠤᠢᠢᠯᠠᠩ ᠤᠨ ᠪᠥᠷᠢᠯᠲᠥᠬᠦᠨ ᠬᠤᠷᠠᠯ ᠳᠤ ᠤᠷᠤᠯᠴᠠᠪᠠ᠃       ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠥ᠂ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢ ᠪᠥᠬᠦ ᠠᠶᠢᠮᠠᠭ ᠤᠨ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠤᠯᠤᠰ ᠲᠥᠷᠥ ᠶᠢᠨ ᠡᠬᠦᠷᠭᠡ ᠪᠤᠯᠭᠠᠨ ᠨᠠᠶᠢᠲᠠᠪᠤᠷᠢᠵᠢᠭᠤᠯᠵᠥ᠂ ᠥᠵᠡᠯ ᠰᠠᠨᠠᠭᠠᠨ ᠤ ᠲᠠᠨᠢᠯᠲᠠ ᠪᠠᠨ ᠲᠠᠰᠤᠷᠠᠯᠲᠠ ᠥᠭᠡᠢ ᠲᠡᠭᠡᠭᠰᠢᠯᠡᠬᠦᠯᠬᠦ ᠬᠡᠷᠡᠭᠲᠡᠢ᠃ ᠶᠡᠷᠥᠩᠭᠡᠢ ᠱᠠᠭᠠᠷᠲᠠᠯᠭ᠎ᠠ ᠶᠢ ᠡᠵᠡᠮᠲᠡᠵᠥ᠂ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢᠨ ᠭᠤᠤᠯ ᠬᠠᠷᠠᠯᠲᠠ᠂ ᠥᠨᠲᠤᠰᠤᠨ ᠵᠠᠷᠴᠢᠮ ᠪᠤᠯᠤᠨ ᠠᠭᠤᠯᠭ᠎ᠠ ᠶᠢᠨ ᠲᠤᠭᠤᠷᠢᠨ ᠳᠤ᠂ ᠰᠤᠷᠤᠯᠴᠠᠬᠤ ᠪᠠ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ ᠲᠠᠯ᠎ᠠ ᠪᠠᠷ ᠬᠥᠴᠥ ᠲᠠᠯᠪᠢᠵᠥ᠂ ᠪᠤᠲᠠᠲᠤ ᠥᠷ᠎ᠠ ᠪᠥᠲᠥᠮᠵᠢ ᠭᠠᠷᠭᠠᠵᠥ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢ ᠬᠥᠨᠵᠡᠭᠡᠢ ᠥᠷᠨᠢᠬᠦᠯᠬᠦ ᠬᠡᠷᠡᠭᠲᠡᠢ᠃ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢᠶᠠᠨ ᠪᠠᠲᠠᠷᠠᠭᠤᠯᠵᠥ᠂ ᠤᠲᠤᠷᠢᠳᠬᠤ ᠺᠠᠳ᠋ᠷᠴᠤᠳ ᠢᠶᠠᠷ ᠭᠤᠤᠯ ᠪᠤᠯᠭᠠᠭᠰᠠᠨ ᠵᠠᠩᠭᠢᠯᠠᠭ᠎ᠠ ᠶᠢ ᠰᠠᠶᠢᠲᠤᠷ ᠠᠳᠬᠤᠵᠥ᠂ ᠥᠨᠲᠤᠰᠤᠨ ᠱᠠᠲᠤᠨ ᠤ ᠨᠠᠮ ᠤᠨ ᠡᠬᠦᠷ ᠢᠶᠠᠷ ᠭᠤᠤᠯ ᠪᠤᠯᠭᠠᠭᠰᠠᠨ ᠭᠤᠤᠯᠲᠠᠯᠭ᠎ᠠ ᠶᠢ ᠰᠠᠶᠢᠲᠤᠷ ᠡᠵᠡᠮᠲᠡᠵᠥ᠂ ᠲᠡᠭᠡᠷ᠎ᠠ ᠱᠠᠲᠤ ᠨᠢ ᠲᠤᠤᠷ᠎ᠠ ᠱᠠᠲᠤᠨ ᠳᠠᠭᠠᠨ ᠬᠡᠪ ᠲᠠᠭᠤᠷᠢᠶᠠᠯ ᠪᠤᠯᠵᠥ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠠᠮᠢᠵᠢᠷᠠᠯ ᠤᠨ ᠬᠥᠴᠥᠨ ᠢ ᠲᠠᠰᠤᠷᠠᠯᠲᠠ ᠥᠭᠡᠢ ᠴᠢᠩᠭᠠᠳᠬᠠᠬᠤ ᠬᠡᠷᠡᠭᠲᠡᠢ᠃ ᠵᠤᠬᠢᠶᠠᠨ ᠪᠠᠶᠢᠭᠤᠯᠤᠨ ᠤᠲᠤᠷᠢᠳᠬᠤ ᠪᠠᠨ ᠴᠢᠩᠭᠠᠳᠬᠠᠵᠥ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠥ᠂ ᠨᠡᠶᠢᠲᠡᠯᠢᠭ ᠵᠢᠱᠢᠶ᠎ᠠ ᠥᠵᠡᠬᠦᠯᠬᠦ ᠶᠢ ᠴᠢᠬᠤᠯᠠᠴᠢᠯᠠᠵᠥ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢᠨ ᠠᠵᠢᠯ ᠳᠤ ᠪᠤᠲᠠᠲᠤ ᠥᠷ᠎ᠠ ᠪᠥᠲᠥᠮᠵᠢ ᠤᠯᠬᠤ ᠬᠡᠷᠡᠭᠲᠡᠢ ᠬᠡᠪᠡ᠃       ᠳ᠋ᠥᠡᠭ ᠬᠠᠨ ᠵᠥᠡᠭ ᠮᠠᠨ ᠤ ᠠᠶᠢᠮᠠᠭ ᠤᠨ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠥᠷᠨᠢᠬᠦᠯᠵᠥ ᠪᠠᠶᠢᠭ᠎ᠠ ᠪᠠᠶᠢᠲᠠᠯ ᠢ ᠬᠥᠢᠴᠡᠳ ᠨᠤᠲᠠᠯᠠᠪᠠ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠱᠠᠲᠤᠨ ᠤ ᠨᠠᠮ ᠤᠨ ᠬᠤᠷᠢᠶ᠎ᠠ ︵ᠨᠠᠮ ᠤᠨ ᠤᠲᠤᠷᠢᠳᠬᠤ ᠲᠤᠭᠤᠢᠢᠯᠠᠩ︶ ᠲᠥᠪ ᠤᠨ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠤᠭᠲᠠᠯ ᠢ ᠬᠥᠨᠵᠡᠭᠡᠢ ᠲᠠᠨᠢᠵᠥ᠂ ᠡᠲᠥᠷ ᠲᠤᠲᠤᠮ ᠤᠨ ᠠᠵᠢᠯ ᠳᠤ ᠤᠷᠤᠭᠤᠯᠵᠥ ᠠᠳᠬᠤᠬᠤ ᠬᠡᠷᠡᠭᠲᠡᠢ᠃ ᠥᠨᠲᠤᠰᠤᠨ ᠱᠠᠲᠤᠨ ᠤ ᠨᠠᠮ ᠤᠨ ᠡᠬᠦᠷ ᠤᠨ ᠪᠠᠶᠢᠭᠤᠯᠤᠯᠲᠠ ᠶᠢ ᠴᠢᠩᠭᠠᠳᠬᠠᠵᠥ᠂ ᠨᠡᠶᠢᠲᠡᠯᠢᠭ ᠵᠢᠱᠢᠶ᠎ᠠ ᠶᠢ ᠪᠤᠢ ᠪᠤᠯᠭᠠᠵᠥ᠂ ᠠᠰᠠᠭᠤᠲᠠᠯ ᠢ ᠡᠷᠢᠵᠥ ᠰᠢᠢᠳᠪᠤᠷᠢᠯᠡᠬᠦ ᠤᠷᠲᠤ ᠬᠤᠭᠤᠴᠠᠭᠠᠨ ᠤ ᠪᠥᠲᠥᠮᠵᠢᠲᠡᠢ ᠲᠤᠭᠲᠠᠴᠠ ᠶᠢ ᠪᠠᠶᠢᠭᠤᠯᠤᠨ ᠲᠡᠬᠦᠯᠲᠡᠷᠵᠢᠬᠦᠯᠬᠦ ᠬᠡᠷᠡᠭᠲᠡᠢ᠃ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤᠵᠢᠭᠤᠯᠬᠤ ᠲᠥᠷᠢᠮᠵᠢᠬᠦᠯᠬᠦ ᠪᠠ ᠤᠲᠤᠬᠠᠨ ᠤ ᠭᠤᠤᠯ ᠠᠵᠢᠯ ᠢ ᠬᠠᠷᠢᠯᠴᠠᠨ ᠤᠶᠠᠯᠲᠤᠭᠤᠯᠵᠥ᠂ ᠵᠤᠬᠢᠶᠠᠨ ᠪᠠᠶᠢᠭᠤᠯᠤᠨ ᠤᠲᠤᠷᠢᠳᠬᠤ ᠪᠠᠨ ᠤᠯᠠᠮ ᠴᠢᠩᠭᠠᠳᠬᠠᠵᠥ᠂ ᠱᠠᠲᠤ ᠲᠠᠷᠠᠭᠠᠯᠠᠨ ᠨᠠᠶᠢᠲᠠᠪᠤᠷᠢᠵᠢᠭᠤᠯᠬᠤ ᠠᠵᠢᠯ ᠤᠨ ᠭᠡᠪ ᠵᠠᠭᠪᠤᠷ ᠢ ᠪᠤᠢ ᠪᠤᠯᠭᠠᠬᠤ ᠬᠡᠷᠡᠭᠲᠡᠢ ᠬᠡᠪᠡ᠃       ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠨᠠᠮ ᠤᠨ ᠬᠤᠷᠢᠶᠠᠨ ᠤ ᠱᠥᠵᠢ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ᠂ ᠠᠶᠢᠮᠠᠭ ᠤᠨ ᠡᠯ᠎ᠠ ᠬᠡᠯᠲᠡᠰ᠂ ᠵᠥᠪᠯᠡᠯ᠂ ᠠᠯᠪᠠᠨ ᠭᠡᠷ᠂ ᠲᠤᠪᠴᠢᠶ᠎ᠠ ᠪᠤᠯᠤᠨ ᠠᠷᠠᠳ ᠤᠨ ᠪᠥᠯᠬᠦᠮ ᠤᠨ ᠨᠠᠮ ᠤᠨ ᠤᠲᠤᠷᠢᠳᠬᠤ ᠲᠤᠭᠤᠢᠢᠯᠠᠩ ︵ᠨᠠᠮ ᠤᠨ ᠬᠤᠷᠢᠶ᠎ᠠ︶᠂ ᠬᠠᠮᠢᠶ᠎ᠠ ᠪᠥᠬᠦᠢ ᠠᠵᠤ ᠠᠬᠤᠢᠢᠯᠠᠯ ᠠᠵᠢᠯ ᠥᠢᠯᠡᠰ ᠤᠨ ᠨᠢᠭᠡᠴᠡ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ᠂ ᠠᠶᠢᠮᠠᠭ ᠤᠨ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠤᠨ ᠪᠠᠶᠢᠴᠠᠭᠠᠨ ᠵᠢᠯᠤᠭᠤᠳᠬᠤ ᠲᠤᠭᠤᠢᠢᠯᠠᠩ᠂ ᠵᠤᠬᠢᠴᠠᠭᠤᠯᠬᠤ ᠲᠤᠭᠤᠢᠢᠯᠠᠩ ᠤᠨ ᠲᠠᠷᠤᠭ᠎ᠠ ᠬᠤᠷᠠᠯ ᠳᠤ ᠤᠷᠤᠯᠴᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号