ᠹᠥ᠋ ᠸᠠᠨ ᠬᠤᠢ ᠰᠢᠯᠤᠭᠤᠨ ᠬᠥᠭᠡ ᠬᠤᠰᠢᠭᠤ ᠪᠤᠯᠤᠨ ᠲᠤᠯᠤᠨ ᠨᠤᠤᠷ ᠰᠢᠶᠠᠨ ᠵᠡᠷᠭᠡ ᠭᠠᠵᠠᠷ ᠢᠶᠠᠷ ᠬᠥᠨᠵᠡᠭᠡᠶᠢᠷᠡᠵᠥ ᠤᠲᠤᠬᠠᠨ ᠤ ᠭᠤᠤᠯᠲᠠᠯᠭ᠎ᠠ ᠲᠠᠢ ᠠᠵᠢᠯ ᠳᠤ ᠱᠠᠭᠠᠷᠲᠠᠨ ᠪᠠᠶᠢᠴᠠᠭᠠᠪᠠ
ᠨᠡᠶᠢᠲᠡᠯᠡᠭᠰᠡᠨ ᠴᠠᠭ᠄
2017/5/4
    4 ᠳ᠋ᠤᠭᠡᠷ ᠰᠠᠷ᠎ᠠ ᠶᠢᠨ 26 — 28 ᠤ ᠡᠲᠥᠷ ᠪᠤᠯᠲᠠᠯ᠎ᠠ᠂ ᠠᠶᠢᠮᠠᠭ ᠤᠨ ᠵᠠᠬᠢᠷᠭ᠎ᠠ ᠶᠢᠨ ᠤᠲᠤᠷᠢᠲᠤᠯᠭ᠎ᠠ ᠪᠠᠷ ᠲᠠᠭᠠᠭᠤᠯᠤᠭᠤᠯᠤᠭᠰᠠᠨ ᠲᠠᠪᠤᠨ ᠱᠠᠭᠠᠷᠲᠠᠨ ᠪᠠᠶᠢᠴᠠᠭᠠᠵᠥ ᠰᠤᠲᠤᠯᠬᠤ ᠲᠤᠭᠤᠢᠢᠯᠠᠩ᠂ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠯ᠎ᠠ ᠵᠥᠢᠯ ᠤᠨ ᠰᠢᠢᠳᠪᠤᠷᠢᠲᠤ ᠪᠠᠶᠢᠷᠢᠯᠠᠭᠤᠯᠤᠯᠲᠠ ᠶᠢ ᠬᠡᠷᠬᠢᠨ ᠲᠤᠤᠱᠯᠠᠭᠤᠯᠤᠨ ᠨᠠᠶᠢᠲᠠᠪᠤᠷᠢᠵᠢᠭᠤᠯᠵᠥ ᠪᠠᠶᠢᠭ᠎ᠠ ᠪᠤᠯᠤᠨ ᠠᠵᠤ ᠠᠬᠤᠢ ᠶᠢᠨ ᠲᠤᠭᠲᠠᠭᠤᠨ ᠡᠷᠬᠢᠯᠲᠠ᠂ ᠠᠵᠤ ᠥᠢᠯᠡᠰ ᠤᠨ ᠬᠡᠯᠪᠡᠷᠢ ᠶᠢ ᠬᠤᠪᠢᠷᠠᠭᠤᠯᠵᠥ ᠲᠡᠰ ᠲᠡᠪᠰᠢᠬᠦᠯᠬᠦ᠂ ᠭᠤᠤᠯᠲᠠᠯᠭ᠎ᠠ ᠲᠠᠢ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠥᠲᠥᠭᠡᠨ ᠪᠠᠶᠢᠭᠤᠯᠤᠯᠲᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠲᠠ᠂ ᠶᠠᠲᠠᠭᠤ ᠠᠴᠠ ᠠᠩᠭᠢᠵᠢᠷᠠᠭᠤᠯᠬᠤ᠂ ᠠᠶᠤᠯᠬᠦᠢ ᠥᠢᠯᠡᠳᠪᠤᠷᠢᠯᠡᠯ ᠪᠤᠯᠤᠨ ᠨᠡᠶᠢᠭᠡᠮ ᠤᠨ ᠲᠤᠭᠲᠠᠭᠤᠨ ᠵᠡᠷᠭᠡ ᠠᠵᠢᠯ ᠳᠤ ᠶᠡᠭᠡ ᠱᠠᠯᠠᠪᠳᠠᠭᠤᠯᠤᠨ ᠪᠠᠶᠢᠴᠠᠭᠠᠯᠲᠠ ᠥᠷᠨᠢᠬᠦᠯᠵᠡᠢ᠃       ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠥᠵᠢ᠂ ᠠᠶᠢᠮᠠᠭ ᠤᠨ ᠲᠠᠷᠤᠭ᠎ᠠ ᠹᠥ᠋ ᠸᠠᠨ ᠬᠤᠢ ᠨᠢᠭᠡᠲᠥᠭᠡᠷ ᠱᠠᠭᠠᠷᠲᠠᠨ ᠪᠠᠶᠢᠴᠠᠭᠠᠵᠥ ᠵᠢᠯᠤᠭᠤᠳᠬᠤ ᠲᠤᠭᠤᠢᠢᠯᠠᠩ ᠢ ᠲᠠᠭᠠᠭᠤᠯᠤᠨ ᠰᠢᠯᠤᠭᠤᠨ ᠬᠥᠭᠡ ᠬᠤᠰᠢᠭᠤ᠂ ᠲᠤᠯᠤᠨ ᠨᠤᠤᠷ ᠰᠢᠶᠠᠨ ᠵᠡᠷᠭᠡ ᠭᠠᠵᠠᠷ ᠲᠤ ᠬᠥᠷᠴᠥ ᠠᠵᠢᠯ ᠪᠠᠶᠢᠴᠠᠭᠠᠪᠠ᠃ ᠱᠠᠭᠠᠷᠲᠠᠨ ᠪᠠᠶᠢᠴᠠᠭᠠᠯᠲᠠ ᠲᠤᠮᠲᠠ᠂ ᠹᠥ᠋ ᠸᠠᠨ ᠬᠤᠢ ᠪᠥᠲᠥᠭᠡᠨ ᠪᠠᠶᠢᠭᠤᠯᠤᠯᠲᠠ ᠲᠤᠮᠲᠠᠬᠢ ᠱᠠᠩᠲᠤ ᠨᠠᠭᠤᠷ ᠤᠨ ᠠᠮᠢ ᠠᠬᠤᠢ ᠶᠢᠨ ᠵᠤᠭᠠᠴᠠᠯ ᠤᠨ ᠮᠠᠯᠵᠢᠯ ᠤᠨ ᠲᠠᠯᠠᠪᠠᠢ ᠶᠢᠨ ᠥᠵᠡᠮᠵᠢᠲᠤ ᠤᠷᠤᠨ ᠳᠤ ᠬᠦᠷᠴᠥ ᠪᠠᠶᠢᠴᠠᠭᠠᠨ ᠥᠵᠡᠭᠰᠡᠨ ᠪᠥᠭᠡᠳ ᠠᠮᠢ ᠠᠬᠤᠢ ᠶᠢᠨ ᠵᠢᠱᠢᠶ᠎ᠠ ᠥᠵᠡᠬᠦᠯᠬᠦ ᠬᠡᠯᠪᠡᠷᠢ ᠶᠢᠨ ᠥᠵᠡᠮᠵᠢ ᠶᠢᠨ ᠤᠷᠤᠨ ᠢ ᠴᠢᠨᠠᠷ ᠰᠠᠶᠢᠲᠠᠢ ᠪᠥᠲᠥᠭᠡᠨ ᠪᠠᠶᠢᠭᠤᠯᠵᠥ᠂ ︽ᠠᠮᠢ ᠠᠬᠤᠢ + ᠵᠤᠭᠠᠴᠠᠯ + ᠶᠠᠲᠠᠭᠤ ᠶᠢ ᠲᠡᠳᠬᠦᠬᠦ︾ ᠰᠢᠨ᠎ᠠ ᠠᠷᠭ᠎ᠠ ᠵᠠᠮ ᠢ ᠢᠲᠡᠪᠬᠢᠲᠡᠢ ᠰᠥᠪᠡᠭᠴᠢᠯᠡᠵᠥ᠂ ᠤᠯᠠᠨ ᠲᠥᠮᠡᠨ ᠳᠤ ᠠᠮᠢ ᠠᠬᠤᠢ ᠶᠢ ᠬᠠᠮᠠᠭᠠᠯᠠᠬᠤ ᠪᠤᠯᠤᠨ ᠵᠤᠭᠠᠴᠠᠯ ᠢ ᠬᠥᠭᠵᠢᠬᠦᠯᠬᠦ ᠲᠤᠮᠲᠠ ᠠᠴᠠ ᠨᠡᠩ ᠢᠯᠡᠬᠦᠥ ᠠᠰᠢᠭ ᠬᠥᠷᠲᠡᠭᠡᠬᠦ ᠬᠡᠷᠡᠭᠲᠡᠢ ᠬᠡᠪᠡ᠃       ᠥᠭᠡᠷᠴᠢᠠ ᠤᠪᠤᠭ᠎ᠠ ᠤᠢ ᠰᠢᠭᠤᠢ ᠶᠢᠨ ᠲᠠᠯᠠᠪᠠᠢ ᠪᠤᠯᠤᠨ ᠵᠠᠮ ᠲᠠᠭᠠᠥ ᠠᠮᠢ ᠠᠬᠤᠢ ᠶᠢᠨ ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠳᠤ ᠬᠥᠷᠴᠥ ᠪᠠᠶᠢᠴᠠᠭᠠᠨ ᠥᠵᠡᠬᠦ ᠳᠡᠭᠡᠨ ᠹᠥ᠋ ᠸᠠᠨ ᠬᠤᠢ ᠵᠢᠭᠠᠭᠰᠠᠨ ᠨᠢ᠂ ᠮᠠᠯᠵᠢᠯ ᠤᠨ ᠲᠠᠯᠠᠪᠠᠢ ᠶᠢᠨ ᠴᠠᠭᠲᠠᠨ ᠪᠠᠶᠢᠴᠠᠭᠠᠯᠲᠠ ᠪᠤᠯᠤᠨ ᠬᠠᠮᠢᠶᠠᠷᠤᠯᠲᠠ ᠶᠢ ᠴᠢᠩᠭᠠᠳᠬᠠᠵᠥ᠂ ᠤᠢ ᠰᠢᠭᠤᠢ ᠶᠢᠨ ᠲᠥᠢᠮᠡᠷ ᠡᠬᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠤᠷᠢ ᠱᠠᠩᠨᠠᠯ ᠤᠨ ᠲᠥᠷᠥ ᠶᠢᠨ ᠪᠤᠲᠤᠯᠭ᠎ᠠ ᠪᠤᠯᠤᠨ ᠪᠡᠯᠴᠢᠭᠡᠷᠯᠡᠬᠦᠯᠬᠦ ᠶᠢ ᠵᠤᠭᠰᠤᠭᠠᠬᠤ ᠲᠥᠷᠢᠮ ᠢ ᠴᠢᠩᠭ᠎ᠠ ᠬᠡᠷᠡᠭᠵᠢᠬᠦᠯᠵᠥ᠂ ᠨᠤᠲᠤᠭ ᠪᠡᠯᠴᠢᠭᠡᠷ ᠤᠨ ᠰᠡᠷᠬᠦᠯᠲᠡ ᠶᠢ ᠪᠠᠲᠤᠯᠠᠬᠤ ᠬᠡᠷᠡᠭᠲᠡᠢ ᠬᠡᠪᠡ᠃       ᠹᠥ᠋ ᠸᠠᠨ ᠬᠤᠢ ᠲᠤᠯᠤᠨ ᠨᠤᠤᠷ ᠰᠢᠶᠠᠨ ᠤ ᠲᠤᠯᠤᠨ ᠨᠤᠤᠷ ᠪᠠᠯᠭᠠᠰᠤ ᠶᠢᠨ ᠪᠸᠢ ᠼᠥᠨ ᠲᠤᠰᠬᠤᠨ ︽ᠭᠤᠷᠪᠠ ᠶᠢ ᠲᠤᠰᠬᠤᠨ ᠳᠤ ᠬᠥᠷᠭᠡᠵᠥ ᠭᠤᠷᠪᠠ ᠶᠢ ᠡᠷᠥᠭᠡ ᠳᠤ ᠬᠥᠷᠭᠡᠬᠦ︾ ᠲᠥᠷᠥᠯ ᠵᠥᠢᠯ ᠤᠨ ᠪᠡᠯᠡ ᠮᠥᠡᠭᠭᠦ ᠪᠤᠯᠤᠨ ᠮᠥᠡᠭᠭᠦᠨ ᠬᠥᠢᠯᠭᠡᠭᠡ ᠪᠠᠷ ᠶᠠᠲᠠᠭᠤ ᠶᠢ ᠲᠡᠳᠬᠦᠬᠦ ᠵᠢᠭᠡᠯᠡᠯᠭᠡ ᠶᠢ ᠠᠮᠢᠲᠤᠯᠢᠭ ᠠᠰᠢᠭᠯᠠᠵᠥ᠂ ᠶᠠᠲᠠᠭᠤ ᠠᠴᠠ ᠠᠩᠭᠢᠵᠢᠷᠠᠭᠤᠯᠵᠥ ᠪᠠᠶᠢᠬᠤ ᠠᠷᠭ᠎ᠠ ᠶᠢ ᠤᠢᠢᠯᠠᠭᠠᠭᠰᠠᠨ ᠤ ᠲᠠᠷᠠᠭ᠎ᠠ ᠬᠥᠢᠴᠡᠳ ᠨᠤᠲᠠᠯᠠᠪᠠ᠃ ᠲᠠᠷᠠ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠮᠠᠯ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠲᠡᠪᠬᠢᠲᠡᠢ ᠠᠬᠢᠭᠤᠯᠵᠥ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠵᠥ ᠲᠡᠰ ᠲᠡᠪᠰᠢᠬᠦᠯᠵᠥ᠂ ᠭᠠᠴᠠᠭ᠎ᠠ ᠲᠤᠰᠬᠤᠨ ᠤ ᠨᠠᠮ ᠤᠨ ᠡᠬᠦᠷ ᠪᠤᠯᠤᠨ ᠠᠷᠠᠳ ᠤᠨ ᠵᠥᠪᠯᠡᠯ ᠪᠠ ᠴᠢᠨᠡᠭᠡᠯᠢᠭᠵᠢᠯ ᠤᠨ ᠴᠢᠲᠠᠪᠤᠷᠢᠲᠠᠨ ᠤ ᠲᠠᠭᠠᠭᠤᠯᠤᠭᠴᠢ ᠥᠢᠯᠡᠲᠥᠯ ᠢ ᠬᠥᠢᠴᠡᠳ ᠪᠠᠲᠠᠷᠠᠭᠤᠯᠵᠥ᠂ ᠮᠠᠯᠴᠢᠨ ᠲᠠᠷᠢᠶᠠᠴᠢᠨ ᠢ ᠲᠠᠭᠠᠭᠤᠯᠤᠨ ᠴᠢᠨᠠᠭᠡᠯᠢᠭᠵᠢᠬᠦᠯᠬᠦ ᠬᠡᠷᠡᠭᠲᠡᠢ ᠬᠡᠪᠡ᠃       ᠲᠤᠯᠤᠨ ᠨᠤᠤᠷ ᠪᠠᠯᠭᠠᠰᠤ ᠶᠢᠨ ᠬᠥᠭᠡ ᠰᠥᠮ᠎ᠠ ᠶᠢᠨ ᠡᠷᠬᠢᠨ ᠬᠠᠪᠢ ᠶᠢᠨ ᠬᠠᠭᠤᠴᠢᠨ ᠪᠠᠶᠢᠰᠢᠩᠲᠤ ᠲᠤᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠥᠢᠯ ᠳᠤ ᠪᠠᠶᠢᠴᠠᠭᠠᠨ ᠰᠤᠲᠤᠯᠤᠯᠲᠠ ᠬᠢᠬᠦ ᠳᠡᠭᠡᠨ ᠹᠥ᠋ ᠸᠠᠨ ᠬᠤᠢ ᠴᠢᠬᠤᠯᠠᠴᠢᠯᠠᠭᠰᠠᠨ ᠨᠢ᠂ ᠬᠠᠭᠤᠴᠢᠨ ᠪᠠᠶᠢᠰᠢᠩᠲᠤ ᠲᠤᠭᠤᠷᠢᠭ ᠢ ᠥᠭᠡᠷᠡᠴᠢᠯᠡᠨ ᠪᠠᠶᠢᠭᠤᠯᠬᠤ᠂ ᠰᠢᠨ᠎ᠠ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠥᠩᠭᠡᠶᠢᠯᠡᠨ ᠵᠠᠰᠠᠬᠤ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠵᠡᠷᠭᠡ ᠠᠵᠢᠯ ᠢ ᠡᠮᠬᠢ ᠲᠠᠷᠠᠭ᠎ᠠ ᠲᠠᠢ ᠠᠬᠢᠭᠤᠯᠵᠥ᠂ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠲᠥᠪᠰᠢᠨ ᠢ ᠲᠡᠭᠡᠭᠰᠢᠯᠡᠬᠦᠯᠬᠦ ᠬᠡᠷᠡᠭᠲᠡᠢ ᠬᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号