ᠮᠠᠨ ᠤ ᠠᠶᠢᠮᠠᠭ ᠲᠦᠪ ᠬᠤᠷᠢᠶ᠎ᠠ ᠪᠠ ᠥᠪᠡᠷᠲᠡᠭᠡᠨ ᠵᠠᠰᠠᠬᠤ ᠤᠷᠤᠨ ᠤ ᠱᠠᠰᠢᠨ ᠰᠤᠷᠲᠠᠬᠤᠨ ᠤ ᠠᠵᠢᠯ ᠎ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠳᠤᠤᠱᠯᠠᠭᠤᠯᠬᠤ ᠬᠢᠴᠢᠶᠡᠯ ᠢ ᠨᠡᠭᠡᠭᠡᠪᠡ
ᠨᠡᠶᠢᠲᠡᠯᠡᠭᠰᠡᠨ ᠴᠠᠭ᠄
2017/6/2
    5 ᠳ᠋ᠤᠭᠠᠷ ᠰᠠᠷ᠎ᠡ ᠶᠢᠨ 23᠎ ᠤ ᠡᠳᠦᠷ᠂ ᠮᠠᠨ ᠤ ᠠᠶᠢᠮᠠᠭ ᠲᠦᠪ ᠬᠤᠷᠢᠶ᠎ᠠ ᠪᠠ ᠥᠪᠡᠷᠲᠡᠭᠡᠨ ᠵᠠᠰᠠᠬᠤ ᠤᠷᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠳᠠᠶᠢᠯᠤᠮᠵᠢ ᠰᠢᠯᠢ ᠶᠢᠨ ᠬᠤᠲᠠ ᠳᠤ ᠶᠠᠪᠤᠭᠳᠠᠪᠠ᠃ ᠲᠦᠪ ᠬᠤᠷᠢᠶᠠᠨ ᠤ ᠨᠡᠶᠢᠬᠡᠮ ᠵᠢᠷᠤᠮ ᠤᠨ ᠲᠡᠭᠡᠲᠦ ᠰᠤᠷᠭᠠᠭᠤᠯᠢ ᠶᠢᠨ ᠳᠡᠳ᠋ ᠫᠷᠤᠹᠧᠰᠰᠤᠷ ᠸᠠᠩ ᠵᠧᠨ ᠢ ᠤᠷᠢᠵᠦ᠂ ᠤᠳᠤᠬᠠᠨ ᠤ ᠱᠠᠰᠢᠨ ᠰᠤᠷᠲᠠᠬᠤᠨ ᠤ ᠠᠵᠢᠯ ᠤᠨ ᠪᠠᠶᠢᠳᠠᠯ ᠪᠠ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠤᠰᠤᠨ ᠴᠢᠭᠯᠡᠯᠲᠡ ᠶᠢᠨ ᠳᠤᠬᠠᠢ ᠬᠦᠨᠵᠡᠬᠡᠢ ᠲᠠᠶᠢᠯᠤᠮᠵᠢ ᠬᠢᠯᠭᠡᠪᠡ᠃       ᠡᠤ ᠭᠦᠸᠧ ᠳ᠋ᠦᠩ᠂ ᠴᠡᠴᠡᠭ᠂ ᠸᠠᠩ ᠶᠦᠩ ᠮᠢᠩ᠂ ᠮᠠ ᠹᠧᠩ᠂ ᠵᠤᠤ ᠳ᠋ᠧ ᠶᠦᠩ᠂ ᠵᠠᠩ ᠵᠦᠩ ᠶᠤᠤ ᠵᠡᠷᠭᠡ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠬᠡᠰᠢᠭᠦᠨ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ᠂ ᠠᠶᠢᠮᠠᠭ ᠤᠨ ᠨᠠᠮ ᠤᠨ ᠬᠤᠷᠢᠶᠠᠨ ᠤ ᠨᠢᠬᠡᠳᠦᠮᠡᠯ ᠹᠷᠤᠨᠲ ᠤᠨ ᠬᠡᠯᠳᠡᠰ᠂ ᠠᠶᠢᠮᠠᠭ ᠤᠨ ᠦᠨᠳᠦᠰᠦᠳᠡᠨ ᠱᠠᠰᠢᠨ ᠰᠤᠷᠳᠠᠬᠤᠨ ᠤ ᠠᠵᠢᠯ ᠤᠨ ᠵᠦᠪᠯᠡᠯ ᠤᠨ ᠪᠦᠬᠦ ᠺᠠᠳ᠋ᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠳᠡᠨ ᠤ ᠤᠨᠤᠯ ᠪᠠ ᠰᠤᠶᠤᠯ ᠰᠤᠳᠤᠯᠭᠠᠨ ᠤ ᠬᠡᠯᠳᠡᠰ ᠤᠨ ᠪᠠᠭᠰᠢ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ᠂ ᠦᠨᠳᠦᠰᠦᠳᠡᠨ ᠱᠠᠰᠢᠨ ᠰᠤᠷᠳᠠᠬᠤᠨ ᠤ ᠲᠤᠪᠴᠢᠶ᠎ᠠ ᠶᠢᠨ ᠺᠠᠳ᠋ᠷ ᠰᠤᠷᠤᠯᠴᠠᠯᠭ᠎ᠠ ᠳᠤ ᠤᠷᠤᠯᠴᠠᠪᠠ᠃       ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠮᠠ ᠹᠧᠩ ᠳᠠᠶᠢᠯᠤᠮᠵᠢ ᠶᠢ ᠡᠷᠬᠢᠯᠡᠪᠡ᠃       ᠸᠠᠩ ᠵᠧᠨ ᠪᠦᠬᠦ ᠤᠯᠤᠰ ᠪᠠ ᠪᠦᠬᠦ ᠤᠷᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠲᠠᠪᠤᠷᠢᠵᠢᠭᠤᠯᠬᠤ ᠰᠠᠳᠤᠪ ᠲᠠᠢ ᠤᠶᠠᠯᠳᠤᠭᠤᠯᠤᠨ ᠢᠯᠡᠳᠬᠡᠯ ᠬᠢᠵᠦ᠂ ᠤᠨᠤᠯ ᠦᠢᠯᠡᠳᠦᠯᠭᠡ ᠶᠢ ᠤᠶᠠᠯᠳᠤᠭᠤᠯᠤᠨ᠂ ᠤᠯᠠᠨ ᠳᠤ ᠱᠠᠰᠢᠨ ᠰᠤᠷᠲᠠᠬᠤᠨ ᠤ ᠠᠵᠢᠯ ᠢ ᠴᠢᠩᠭᠠᠳᠬᠠᠬᠤ ᠪᠡ ᠰᠢᠨᠡᠴᠢᠯᠡᠵᠦ᠂ ᠱᠠᠰᠢᠨ ᠰᠤᠷᠲᠠᠬᠤᠨ ᠤ ᠠᠵᠢᠯ ᠤᠨ ᠰᠢᠨ᠎ᠡ ᠬᠡᠪ ᠪᠠᠶᠢᠳᠠᠯ ᠢ ᠪᠤᠢ ᠪᠤᠯᠭᠠᠬᠤ ᠳᠤ ᠤᠨᠤᠯ ᠤᠨ ᠵᠢᠯᠤᠭᠤᠳᠤᠯᠭ᠎ᠠ ᠶᠢ ᠬᠠᠩᠭᠠᠵᠠᠢ᠃       ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠭᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠶᠠᠷᠢᠶᠠᠨ ᠤ ᠵᠤᠷᠢᠭ ᠰᠠᠨᠠᠭ᠎ᠠ ᠪᠡ ᠪᠦᠬᠦ ᠤᠯᠤᠰ᠂ ᠪᠦᠬᠦ ᠤᠷᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠰᠢᠨ᠎ᠡ ᠪᠠᠶᠢᠳᠠᠯ ᠲᠤᠤᠷᠠᠬᠢ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠵᠦ᠂ ᠪᠦᠬᠦ ᠠᠶᠢᠮᠠᠭ ᠤᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠬᠡᠪ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠷᠭᠡᠪᠰᠢ ᠱᠠᠰᠢᠨ ᠰᠤᠷᠲᠠᠬᠤᠨ ᠤ ᠠᠵᠢᠯ ᠢ ᠭᠦᠨᠳᠦᠳᠭᠡᠨ ᠦᠵᠡᠵᠦ᠂ ᠲᠦᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠢ ᠪᠠᠶᠢᠷᠢᠯᠠᠭᠤᠯᠤᠯᠲᠠ ᠰᠢᠢᠳᠪᠦᠷᠢ ᠶᠢ ᠦᠨᠡᠨᠬᠦ ᠨᠠᠶᠢᠳᠠᠪᠤᠷᠢᠵᠢᠭᠤᠯᠵᠦ᠂ ᠠᠵᠢᠯ ᠤᠨ ᠴᠢᠳᠠᠪᠦᠷᠢ ᠪᠠᠨ ᠲᠡᠭᠡᠭᠰᠢᠯᠡᠬᠦᠯᠵᠦ᠂ ᠡᠷᠡᠭᠦᠯ ᠡᠶ᠎ᠡ ᠵᠤᠬᠢᠴᠠᠩᠭᠤᠢ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠵᠦ᠂ ᠱᠠᠰᠢᠨ ᠰᠤᠷᠲᠠᠬᠤᠨ ᠤ ᠡᠳᠡᠭᠡᠳ ᠤᠨ ᠨᠡᠶᠢᠬᠡᠮ ᠳᠤ ᠵᠤᠬᠢᠴᠠᠵᠦ᠂ ᠨᠡᠶᠢᠬᠡᠮ ᠳᠤ ᠦᠢᠯᠡᠴᠢᠯᠡᠵᠦ᠂ ᠨᠡᠶᠢᠬᠡᠮ ᠤᠨ ᠡᠬᠦᠷᠭᠡ ᠬᠠᠷᠢᠭᠤᠴᠠᠯᠭ᠎ᠠ ᠡᠭᠦᠷᠭᠡᠯᠡᠬᠦ ᠶᠢ ᠵᠢᠯᠤᠭᠤᠳᠬᠤ ᠭᠡᠷᠡᠭᠲᠡᠢ᠃ ᠰᠠᠱᠢᠨ ᠰᠤᠷᠲᠠᠬᠤᠨ ᠤ ᠪᠦᠯᠬᠦᠮ ᠨᠡᠶᠢᠲᠡ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠠᠮᠵᠢᠵᠦ᠂ ᠱᠠᠰᠢᠨ ᠰᠢᠳᠦᠯᠭᠡᠴᠢᠳ ᠢ ᠪᠦᠯᠬᠦᠮᠳᠡᠭᠦᠯᠵᠦ᠂ ᠠᠵᠦ ᠠᠬᠤᠢ ᠶᠢᠨ ᠭᠦᠭᠵᠢᠯᠲᠡ᠂ ᠨᠡᠶᠢᠭᠡᠮ ᠤᠨ ᠠᠮᠤᠷ ᠲᠤᠭᠲᠠᠭᠤᠨ᠂ ᠦᠨᠳᠦᠰᠦᠳᠡᠨ ᠤ ᠪᠦᠯᠬᠦᠮᠳᠡᠯ᠂ ᠬᠢᠯᠢ ᠬᠢᠵᠠᠭᠠᠷ ᠤᠷᠤᠨ ᠤ ᠠᠮᠤᠷ ᠲᠤᠭᠲᠠᠭᠤᠨ ᠳᠤ ᠬᠤᠪᠢ ᠨᠡᠮᠡᠷᠢ ᠪᠠᠨ ᠦᠵᠡᠬᠦᠯᠬᠦ ᠭᠡᠷᠡᠭᠲᠡᠢ ᠬᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号