ᠠᠵᠤ ᠠᠬᠤᠢ ᠶᠢᠨ ᠡᠷᠬᠢᠯᠳᠡ ᠶᠢᠨ ᠳᠤᠬᠢᠷᠠᠭᠤᠯᠤᠯᠳᠠ ᠪᠠ ᠨᠡᠶᠢᠭᠡᠮ ᠤᠨ ᠳᠤᠡᠡᠳᠠᠭᠤᠨ ᠤ ᠠᠵᠢᠯ ᠢ ᠰᠤᠳᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2017/6/2
    5 ᠳ᠋ᠤᠭᠠᠷ ᠰᠠᠷ᠎ᠡ ᠶᠢᠨ 22᠎ ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠹᠦ᠋ ᠸᠠᠨ ᠬᠤᠢ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠲᠡᠭᠡᠷᠡᠬᠢ ᠨᠢᠭᠡᠳᠦᠭᠡᠷ ᠤᠯᠠᠷᠢᠯ ᠤᠨ ᠠᠵᠦ ᠠᠬᠤᠢ ᠶᠢᠨ ᠪᠠᠶᠢᠳᠠᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠡ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ᠂ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠡᠪᠤᠷᠢᠵᠢᠭᠤᠯᠵᠦ᠂ ᠠᠵᠦ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠲᠠ ᠪᠠ ᠨᠡᠶᠢᠬᠡᠮ ᠤᠨ ᠠᠮᠤᠷ ᠲᠤᠭᠳᠠᠭᠤᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃       ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠶᠤᠤ ᠶᠦᠩ ᠪᠦᠸᠧ᠂ ᠠᠶᠢᠮᠠᠭ ᠤᠨ ᠳᠡᠳ᠋ ᠳᠠᠷᠤᠭ᠎ᠠ ᠸᠠᠩ ᠷᠦᠢ᠂ ᠾᠸᠦ ᡁᠢ ᠮᠢᠨ ᠨᠠᠷ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠯᠤᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠡᠰᠡᠭ ᠬᠡᠰᠢᠬᠦᠨ ᠬᠤᠷᠠᠯ ᠳᠤ ᠰᠤᠯᠠ ᠤᠷᠤᠯᠴᠠᠪᠠ᠃       ᠬᠤᠷᠠᠯ ᠠᠴᠠ ᠵᠢᠭᠠᠬᠤ ᠳᠠᠭᠠᠨ᠂ ᠡᠨᠡ ᠵᠢᠯ ᠠᠴᠠ ᠨᠠᠰᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠠᠮᠲᠦ ᠶᠢᠨ ᠴᠢᠷᠮᠠᠶᠢᠯᠭ᠎ᠠ ᠪᠠᠷ ᠪᠦᠬᠦ ᠠᠶᠢᠮᠠᠭ ᠤᠨ ᠠᠵᠦ ᠠᠬᠤᠢ ᠶᠢᠨ ᠡᠷᠬᠢᠯᠲᠡ ᠲᠤᠭᠳᠠᠭᠤᠨ ᠪᠠᠶᠢᠵᠦ᠂ ᠨᠢᠭᠡᠳᠦᠭᠡᠷ ᠤᠯᠠᠷᠢᠯ ᠤᠨ ᠤᠬᠢ ᠰᠠᠶᠢᠨ ᠡᠬᠢᠯᠡᠯᠲᠡ ᠶᠢ ᠪᠤᠢ ᠪᠤᠯᠭᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠭᠡᠪᠰᠢ ᠤᠳᠤᠬᠠᠨ ᠤ ᠠᠵᠦ ᠠᠬᠤᠢ ᠶᠢᠨ ᠡᠷᠬᠢᠯᠲᠡ ᠳᠤ ᠤᠷᠤᠰᠢᠵᠦ ᠪᠠᠶᠢᠭ᠎ᠠ ᠠᠰᠠᠭᠤᠳᠠᠯ ᠪᠠ ᠬᠦᠴᠢᠷᠳᠡᠯ ᠢ ᠪᠤᠰᠤᠳᠴᠢ ᠪᠠᠷ ᠲᠠᠨᠢᠵᠦ᠂ ᠵᠤᠷᠢᠭᠲᠠᠢ ᠪᠠᠷ ᠬᠦᠴᠢᠷᠳᠡᠯ ᠢ ᠢᠯᠠᠨ ᠲᠠᠪᠠᠨ᠂ ᠠᠵᠦ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠲᠠ᠂ ᠭᠤᠤᠯᠳᠠᠯᠭᠠᠲᠤ ᠲᠦᠷᠦᠯ ᠵᠦᠢᠯ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠴᠢᠩᠭ᠎ᠠ ᠠᠳᠬᠤᠵᠦ᠂ ᠠᠵᠢᠯ ᠤᠨ ᠡᠭᠦᠷᠭᠡ ᠬᠠᠷᠠᠯᠲᠠ ᠪᠠᠨ ᠪᠡᠶᠡᠯᠡᠬᠦᠯᠬᠦ ᠬᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠬᠤ ᠳᠠᠭᠠᠨ᠂ ᠭᠠᠵᠠᠷ ᠤᠷᠤᠨ ᠤ ᠵᠠᠰᠠᠭ ᠤᠨ ᠤᠷᠳᠤᠨ ᠦᠷᠢᠲᠦᠵᠦ ᠪᠠᠶᠢᠭᠠᠳ ᠪᠡᠯᠡ ᠴᠤᠭᠯᠠᠭᠤᠯᠬᠤ ᠨᠢ ᠠᠵᠦ ᠠᠬᠤᠢ ᠨᠡᠶᠢᠬᠡᠮ ᠤᠨ ‍ᠦᠷᠬᠦᠯᠵᠢᠯᠡᠬᠦ ᠭᠦᠭᠵᠢᠯᠲᠡ ᠶᠢ ᠰᠢᠭᠤᠳ ᠨᠥᠯᠦᠭᠡᠯᠡᠳᠡᠭ᠃ ᠡᠯ᠎ᠡ ᠭᠠᠵᠠᠷ ᠡᠯ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠡᠷᠭᠡᠪᠰᠢ ᠵᠠᠰᠠᠭ ᠤᠨ ᠤᠷᠳᠤᠨ ᠤ ᠦᠷᠢ ᠦᠭᠴᠡᠭᠡᠨ ᠤ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠦ᠂ ᠵᠠᠰᠠᠭ ᠤᠨ ᠤᠷᠳᠤᠨ ᠪᠠ ᠨᠡᠶᠢᠭᠡᠮ ᠤᠨ ᠬᠦᠷᠦᠩᠬᠡ ᠶᠢᠨ ᠡᠳᠡᠭᠡᠳ ᠯᠦᠭᠡ ᠶᠢᠨ ᠬᠠᠮᠳᠤᠷᠠᠨ ᠠᠵᠢᠯᠯᠠᠬᠤ ᠠᠵᠢᠯᠯᠠᠭ᠎ᠠ ᠪᠠᠨ ᠲᠦᠷᠢᠮᠵᠢᠬᠦᠯᠵᠦ᠂ ᠤᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠬᠡᠯᠪᠡᠷᠢ ᠪᠠᠷ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡᠨ ᠤ ᠠᠰᠠᠭᠤᠳᠠᠯ ᠢ ᠰᠢᠢᠳᠪᠦᠷᠢᠯᠡᠵᠦ ᠂ ᠲᠦᠭᠰᠢᠬᠦᠷᠢ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠭᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠤᠨ ᠲᠤᠤᠷ᠎ᠡ ᠬᠠᠭᠠᠰ ᠵᠢᠯ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠭᠡᠪᠰᠢ ᠤᠯᠤᠰ ᠲᠥᠷᠥ ᠶᠢᠨ ᠵᠤᠭᠰᠤᠯᠲᠠ ᠪᠠᠨ ᠲᠡᠭᠡᠭᠰᠢᠯᠡᠬᠦᠯᠵᠥ᠂ ᠤᠯᠠᠨ ᠲᠥᠮᠡᠨ ᠤ ᠵᠠᠬᠢᠲᠠᠯ ᠰᠤᠷᠪᠤᠯᠵᠢᠯᠠᠭ᠎ᠠ ᠶᠢᠨ ᠠᠵᠢᠯ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠤᠷᠢᠯᠡᠬᠦ᠂ ᠨᠡᠶᠢᠭᠡᠮ ᠤᠨ ᠠᠮᠤᠷ ᠳᠦᠪᠰᠢᠨ ᠤ ᠶᠡᠷᠥᠩᠭᠡᠶᠢᠯᠡᠨ ᠵᠠᠰᠠᠬᠤ᠂ ᠠᠶᠤᠯᠬᠦᠢ ᠥᠢᠯᠡᠳᠪᠤᠷᠢᠯᠡᠯ᠂ ᠨᠤᠲᠤᠭ ᠪᠡᠯᠴᠢᠭᠡᠷ ᠤᠢ ᠰᠢᠭᠤᠢ ᠶᠢᠨ ᠭᠠᠯ ᠰᠡᠷᠭᠡᠶᠢᠯᠡᠯᠲᠡ᠂ ᠭᠠᠨᠭ᠌ ᠬᠠᠭᠰᠠᠷᠠᠭᠠᠨ ᠲᠠᠢ ᠲᠡᠮᠡᠴᠡᠬᠦ ᠪᠠ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠠᠵᠢᠯ ᠢ ᠴᠢᠩᠭ᠎ᠠ ᠬᠢᠨᠠᠮᠠᠭᠠᠢ ᠰᠠᠶᠢᠲᠤᠷ ᠬᠢᠵᠦ᠂ ᠨᠡᠶᠢᠬᠡᠮ ᠤᠨ ᠠᠮᠤᠷ ᠲᠤᠭᠲᠠᠭᠤᠨ ᠢ ᠪᠠᠲᠤᠯᠠᠨ ᠬᠠᠮᠠᠭᠠᠯᠠᠬᠤ ᠭᠡᠷᠡᠭᠲᠡᠢ ᠬᠡᠪᠡ᠃       ᠬᠤᠷᠠᠯ ᠠᠴᠠ ᠱᠠᠭᠠᠷᠲᠠᠬᠤ ᠳᠠᠭᠠᠨ᠂ ᠪᠥᠬᠦ ᠠᠶᠢᠮᠠᠭ ᠤᠨ ᠵᠠᠰᠠᠭ ᠤᠨ ᠤᠷᠲᠤᠨ ᠤ ᠰᠢᠰᠲ᠋ᠧᠮ ᠤᠨ ᠨᠠᠮ ᠤᠨ ᠬᠤᠷᠢᠶ᠎ᠠ ︵ᠨᠠᠮ ᠤᠨ ᠤᠲᠤᠷᠢᠳᠬᠤ ᠲᠤᠭᠤᠢᠢᠯᠠᠩ︶ ᠪᠠ ᠦᠷᠭᠡᠨ ᠤᠯᠠᠨ ᠨᠠᠮ ᠤᠨ ᠬᠡᠰᠢᠭᠦᠨ ᠤᠳᠤᠷᠢᠳᠬᠤ ᠺᠠᠳ᠋ᠷ ᠡᠷᠭᠡᠪᠰᠢ ᠲᠥᠷᠪᠡᠨ ᠤᠬᠠᠮᠰᠠᠷ ᠢ ᠪᠠᠲᠤ ᠪᠤᠢ ᠪᠤᠯᠭᠠᠵᠥ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠬᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号