ᠰᠦᠨᠢᠳ ᠪᠠᠷᠠᠭᠤᠨ ᠬᠤᠰᠢᠭᠤ ᠡᠪᠦᠯ ᠤᠨ ᠬᠤᠷᠠᠭ᠎ᠠ ᠶᠢ ᠤᠷᠢᠳᠴᠢᠯᠠᠨ ᠵᠠᠷᠤᠴᠠᠭᠤᠯᠬᠤ ᠠᠵᠢᠯ ᠢ ᠡᠬᠢᠯᠡᠬᠦᠯᠪᠡ
ᠨᠡᠶᠢᠲᠡᠯᠡᠭᠰᠡᠨ ᠴᠠᠭ᠄
2017/6/2
    ᠡᠨᠡ ᠵᠢᠯ᠂ ᠰᠦᠨᠢᠳ ᠪᠠᠷᠠᠭᠤᠨ ᠬᠤᠰᠢᠭᠤ 15 ᠲᠦᠮᠡᠨ ᠲᠤᠯᠤᠭᠠᠢ ᠡᠪᠦᠯ ᠤᠨ ᠲᠦᠯ ᠢ ᠤᠷᠢᠳᠴᠢᠯᠠᠨ ᠵᠠᠷᠤᠴᠠᠭᠤᠯᠬᠤ ᠪᠠᠷ ᠲᠦᠯᠦᠪᠯᠡᠵᠦ᠂ ᠪᠡᠯᠡᠳᠭᠡᠯ ᠠᠵᠢᠯ ᠢ ᠨᠢᠬᠡᠨᠲᠡ ᠲᠠᠭᠤᠰᠬᠠᠭᠠᠳ᠂ 6 ᠳ᠋ᠤᠭᠠᠷ ᠰᠠᠷ᠎ᠠ ᠶᠢᠨ 1᠎ ᠤ ᠡᠳᠦᠷ ᠠᠴᠠ ᠪᠦᠬᠦ ᠲᠠᠯ᠎ᠠ ᠪᠠᠷ ᠡᠬᠢᠯᠡᠬᠦᠯᠵᠦ᠂ 6 ᠳ᠋ᠤᠭᠠᠷ ᠰᠠᠷ᠎ᠠ ᠶᠢᠨ 30᠎ ᠤ ᠡᠳᠦᠷ ᠲᠠᠭᠤᠰᠬᠠᠨ᠎ᠠ᠃ ᠡᠬᠦᠨ ᠳᠤ ᠯᠠᠨ ᠲᠢᠶᠠᠨ ᠮᠠᠯ ᠠᠵᠦ ᠠᠬᠤᠢ᠂ ᠶᠠᠩ ᠶᠠᠩ ᠮᠠᠯ ᠠᠵᠦ ᠠᠬᠤᠢ᠂ ᠸᠧᠢ ᠰᠢᠨ ᠮᠢᠬᠠᠨ ᠤ ᠦᠢᠯᠡᠰ ᠵᠡᠷᠭᠡ 3 ᠲᠤᠭᠳᠠᠭᠰᠠᠨ ᠠᠵᠦ ᠠᠬᠤᠶᠢᠯᠠᠯ ᠨᠢ ᠡᠯ᠎ᠡ ᠬᠤᠷᠰᠢᠶᠠᠵᠢᠯ ᠪᠤᠯᠤᠨ ᠮᠠᠯᠴᠢᠨ ᠡᠷᠦᠬᠡ ᠲᠠᠢ ᠭᠡᠷ᠎ᠠ ᠲᠤᠭᠳᠠᠨ 13 ᠲᠦᠮᠡ ᠭᠠᠷᠤᠢ ᠬᠤᠨᠢ ᠬᠤᠳᠠᠯᠳᠤᠨ ᠠᠪᠬᠤ ᠪᠠᠷ ᠲᠤᠭᠲᠠᠵᠠᠢ᠃     ᠡᠨᠡ ᠵᠢᠯ᠂ ᠲᠤᠰ ᠬᠤᠰᠢᠭᠤᠨ ᠤ ᠡᠪᠤᠯ ᠤᠨ ᠲᠦᠯ ᠢ ᠤᠷᠢᠳᠴᠢᠯᠠᠨ ᠵᠠᠷᠤᠴᠠᠭᠤᠯᠬᠤ ᠠᠵᠢᠯ ᠮᠠᠯ ᠠᠵᠦ ᠠᠬᠤᠢ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠬᠡᠯᠪᠡᠷᠢ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠡᠬᠦᠷᠭᠡ ᠬᠠᠷᠠᠯᠲᠠ ᠲᠤᠭᠳᠠᠭᠠᠬᠤ ᠦᠬᠡᠢ᠂ ᠪᠦᠬᠦᠨ ᠢ ᠵᠠᠬ᠎ᠠ ᠲᠡᠯᠭᠡᠭᠦᠷᠴᠢᠯᠡᠵᠦ᠂ ᠳᠠᠭᠠᠭᠤᠯᠤᠭᠴᠢ ᠠᠵᠦ ᠠᠬᠤᠶᠢᠯᠠᠯ ᠲᠤᠯᠤᠭᠠᠶᠢᠯᠠᠨ᠂ ᠮᠠᠯᠴᠢᠳ ᠥᠪᠡᠷ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠠᠵᠦ ᠠᠬᠤᠶᠢᠯᠠᠯ ᠲᠠᠢ ᠬᠡᠷ᠎ᠡ ᠲᠤᠭᠳᠠᠬᠤ ᠪᠤᠯᠤᠨ᠎ᠠ᠃ ᠬᠤᠰᠢᠭᠤᠨ ᠤ ᠵᠠᠰᠠᠭ ᠤᠨ ᠤᠷᠳᠤᠨ ᠠᠴᠠ ᠡᠳ᠋ᠰᠢᠬᠦᠯᠬᠦ ᠬᠤᠭᠤᠴᠠᠭᠠᠨ ᠳᠤ 25000᠎ ᠠᠴᠠ ᠲᠡᠭᠡᠭᠰᠢᠬᠢ ᠬᠤᠷᠠᠭ᠎ᠠ ᠡᠳ᠋ᠰᠢᠬᠦᠯᠦᠭᠰᠡᠨ ᠠᠵᠦ ᠠᠬᠤᠶᠢᠯᠠᠯ ᠳᠤ ᠬᠤᠨᠢ ᠪᠦᠷᠢ ᠳᠤ 50 ᠲᠦᠭᠦᠷᠢᠭ ᠤᠨ ᠨᠦᠬᠦᠪᠦᠷᠢ ᠤᠯᠭᠤᠬᠤ ᠶᠢᠨ ᠬᠠᠮᠲᠤ ᠤᠳᠤᠷᠢᠳᠤᠮᠵᠢ ᠶᠢᠨ ᠴᠢᠨᠠᠷᠲᠠᠢ ᠦᠨ᠎ᠡ ᠬᠠᠩᠰᠢ ᠶᠢ ᠲᠤᠭᠲᠠᠭᠠᠵᠦ᠂ ᠮᠠᠯᠴᠢᠳ ᠤᠨ ᠤᠷᠤᠯᠭ᠎ᠠ ᠶᠢ ᠪᠠᠲᠤᠯᠠᠵᠠᠢ᠃     ᠡᠭᠦᠨ ᠤ ᠬᠠᠮᠲᠦ᠂ ᠲᠤᠰ ᠬᠤᠰᠢᠭᠤᠨ ᠤ ᠠᠵᠦ ᠠᠬᠤᠶᠢᠯᠠᠯ ᠦᠷᠬᠦᠯᠵᠢᠯᠠᠨ ︽ᠠᠵᠦ ᠠᠬᠤᠶᠢᠯᠠᠯ + ᠬᠤᠷᠰᠢᠶᠠᠵᠢᠯ + ᠮᠠᠯᠴᠢᠨ ᠡᠷᠦᠭᠡ︾᠎ ᠶᠢᠨ ᠠᠰᠢᠭ ᠳᠤᠰᠠ ᠶᠢ ᠬᠤᠯᠪᠤᠬᠤ ᠵᠬᠠᠪᠤᠷ ᠢᠶᠠᠷ᠂ ᠰᠦᠨᠢᠳ ᠬᠤᠨᠢᠨ ᠤ ᠵᠠᠬᠢᠶᠠᠯᠠᠭ᠎ᠠ ᠲᠤᠰᠬᠤ ᠮᠠᠯᠵᠢᠬᠤ ᠡᠷᠦᠬᠡ ᠶᠢᠨ ᠠᠰᠢᠭ ᠲᠤᠰᠠ ᠶᠢ ᠬᠠᠮᠠᠭᠠᠯᠠᠵᠦ ᠪᠠᠶᠢᠨ᠎ᠠ᠃ ᠯᠠᠨ ᠲᠢᠶᠠᠨ ᠮᠠᠯ ᠠᠵᠦ ᠠᠬᠤᠢ ᠶᠢᠨ ᠺᠤᠮᠫᠠᠨᠢ ᠶᠢᠨ ᠬᠤᠳᠠᠯᠳᠤᠨ ᠠᠪᠬᠤ ᠦᠨ᠎ᠡ ᠨᠢ ᠨᠢᠳᠤᠨᠤᠨ ᠤ ᠬᠢ ᠠᠴᠠ ᠦᠨᠳᠦᠷ ᠪᠠᠶᠢᠵᠦ᠂ ᠬᠡᠩᠬᠦᠳᠡᠭ ᠤᠨ ᠬᠦᠨᠳᠦ ᠨᠢ 9-17.5 ᠺᠢᠯᠦᠭᠷᠠᠮ ᠤᠨ ᠬᠤᠷᠠᠭ᠎ᠠ ᠶᠢ ᠺᠢᠯᠦᠭᠷᠠᠮ ᠪᠦᠷᠢ ᠳᠡᠭᠡᠨ 43 ᠲᠦᠭᠦᠷᠢᠭ︔ ᠬᠡᠩᠬᠦᠳᠡᠭ ᠤᠨ ᠬᠦᠨᠳᠦ ᠨᠢ 9 ᠺᠢᠯᠦᠭᠷᠠᠮ ᠬᠦᠷᠬᠦ ᠦᠬᠡᠢ ᠬᠤᠷᠠᠭ᠎ᠠ ᠶᠢ ᠺᠢᠯᠦᠭᠷᠠᠮ ᠪᠦᠷᠢ ᠳᠡᠭᠡᠨ 40 ᠲᠦᠭᠦᠷᠢᠭ︔ ᠬᠡᠩᠬᠦᠳᠡᠭ ᠤᠨ ᠬᠦᠨᠳᠦ ᠨᠢ 17.5 ᠺᠢᠯᠦᠭᠷᠠᠮ ᠠᠴᠠ ᠲᠠᠪᠠᠭᠰᠠᠨ ᠬᠤᠷᠠᠭ᠎ᠠ ᠶᠢ ᠺᠢᠯᠦᠭᠷᠠᠮ ᠪᠦᠷᠢ ᠳᠡᠭᠡᠨ 48 ᠲᠦᠭᠦᠷᠢᠭ ᠢᠶᠠᠷ ᠬᠤᠳᠠᠯᠳᠤᠨ ᠠᠪᠤᠨ᠎ᠠ᠃ ᠠᠵᠦ ᠠᠬᠤᠶᠢᠯᠠᠯ ᠤᠨ ᠵᠠᠬᠢᠶᠠᠯᠠᠭ᠎ᠠ ᠶᠢᠨ ᠪᠤᠰᠤ ᠡᠷᠦᠬᠡ ᠶᠢᠨ ᠬᠤᠷᠠᠭ᠎ᠠ ᠶᠢ ᠬᠤᠳᠠᠯᠳᠤᠨ ᠠᠪᠬᠤ ᠦᠨ᠎ᠡ ᠨᠢ ᠵᠠᠬᠢᠶᠠᠯᠠᠭ᠎ᠠ ᠶᠢᠨ ᠡᠷᠦᠬᠡ ᠶᠢᠨ ᠠᠳᠠᠯᠢ ᠲᠠᠰ ᠤᠨ ᠦᠨ᠎ᠡ ᠠᠴᠠ 1 ᠲᠦᠭᠦᠷᠢᠭ ᠬᠢᠮᠳᠠ ᠪᠠᠷ ᠬᠤᠳᠠᠯᠳᠤᠨ ᠠᠪᠤᠨ᠎ᠠ᠃ ᠶᠠᠩ ᠶᠠᠩ ᠮᠠᠯ ᠠᠵᠦ ᠠᠬᠤᠢ ᠶᠢᠨ ᠺᠤᠮᠫᠠᠨᠢ ᠶᠢᠨ ᠵᠠᠬᠢᠶᠠᠯᠠᠭ᠎ᠠ ᠶᠢᠨ ᠡᠷᠦᠬᠡ ᠶᠢᠨ ᠡᠭᠡᠮᠦᠭ ᠵᠡᠬᠦᠯᠭᠡᠭᠰᠡᠨ ᠬᠤᠷᠠᠭ᠎ᠠ ᠶᠢ ᠬᠤᠳᠠᠯᠳᠤᠨ ᠠᠪᠬᠤ ᠦᠨ᠎ᠡ ᠶᠢ ᠵᠠᠬ᠎ᠠ ᠲᠡᠯᠭᠡᠭᠦᠷ ᠤᠨ ᠦᠨ᠎ᠡ ᠠᠴᠠ 1 ᠲᠦᠭᠦᠷᠢᠭ ᠦᠨᠳᠦᠷ ᠪᠠᠶᠢᠯᠭᠠᠵᠦ᠂ ︽ᠰᠦᠨᠢᠳ ᠬᠤᠨᠢ ᠶᠢ ᠲᠡᠵᠢᠬᠡᠨ ᠦᠷᠡᠵᠢᠬᠦᠯᠬᠦ ᠰᠠᠭᠤᠷᠢᠨ︾᠎ ᠤ ᠡᠷᠦᠬᠡ ᠶᠢᠨ ᠬᠤᠷᠠᠭ᠎ᠠ ᠳᠤ ᠠᠰᠳᠠᠭᠠᠨ ᠪᠠᠰᠠ 10 ᠲᠦᠭᠦᠷᠢᠭ ᠤᠨ ᠨᠦᠬᠦᠪᠦᠷᠢ ᠤᠯᠭᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号