5 ᠳ᠋ᠤᠭᠠᠷ ᠰᠠᠷ᠎ᠡ ᠶᠢᠨ 23 ᠤ ᠡᠳᠦᠷ᠂ ᠮᠠᠨ ᠤ ᠠᠶᠢᠮᠠᠭ ᠲᠦᠪ ᠬᠤᠷᠢᠶ᠎ᠠ ᠪᠠ ᠥᠪᠡᠷᠲᠡᠭᠡᠨ ᠵᠠᠰᠠᠬᠤ | ᠤᠷᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ | ᠨᠠᠶᠢᠳᠠᠪᠤᠷᠢᠵᠢᠭᠤᠯᠬᠤ ᠳᠠᠶᠢᠯᠤᠮᠵᠢ ᠰᠢᠯᠢ ᠶᠢᠨ ᠬᠤᠲᠠ ᠳᠤ ᠶᠠᠪᠤᠭᠳᠠᠪᠠ᠃ ᠲᠦᠪ ᠬᠤᠷᠢᠶᠠᠨ ᠤ ᠨᠡᠶᠢᠬᠡᠮ ᠵᠢᠷᠤᠮ ᠤᠨ | ᠲᠡᠭᠡᠲᠦ ᠰᠤᠷᠭᠠᠭᠤᠯᠢ ᠶᠢᠨ ᠳᠡᠳ᠋ ᠫᠷᠤᠹᠧᠰᠰᠤᠷ ᠸᠠᠩ ᠵᠧᠨ ᠢ ᠤᠷᠢᠵᠦ᠂ ᠤᠳᠤᠬᠠᠨ ᠤ ᠱᠠᠰᠢᠨ ᠰᠤᠷᠲᠠᠬᠤᠨ ᠤ | ᠠᠵᠢᠯ ᠤᠨ ᠪᠠᠶᠢᠳᠠᠯ ᠪᠠ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠤᠰᠤᠨ ᠴᠢᠭᠯᠡᠯᠲᠡ ᠶᠢᠨ ᠳᠤᠬᠠᠢ | ᠬᠦᠨᠵᠡᠬᠡᠢ ᠲᠠᠶᠢᠯᠤᠮᠵᠢ ᠬᠢᠯᠭᠡᠪᠡ᠃ | ᠡᠤ ᠭᠦᠸᠧ ᠳ᠋ᠦᠩ᠂ ᠴᠡᠴᠡᠭ᠂ ᠸᠠᠩ ᠶᠦᠩ ᠮᠢᠩ᠂ ᠮᠠ ᠹᠧᠩ᠂ ᠵᠤᠤ ᠳ᠋ᠧ ᠶᠦᠩ᠂ ᠵᠠᠩ ᠵᠦᠩ ᠶᠤᠤ | ᠵᠡᠷᠭᠡ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠬᠡᠰᠢᠭᠦᠨ᠂ | ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ᠂ | ᠠᠶᠢᠮᠠᠭ ᠤᠨ ᠨᠠᠮ ᠤᠨ ᠬᠤᠷᠢᠶᠠᠨ ᠤ ᠨᠢᠬᠡᠳᠦᠮᠡᠯ ᠹᠷᠤᠨᠲ ᠤᠨ ᠬᠡᠯᠳᠡᠰ᠂ ᠠᠶᠢᠮᠠᠭ ᠤᠨ ᠦᠨᠳᠦᠰᠦᠳᠡᠨ ᠱᠠᠰᠢᠨ | ᠰᠤᠷᠳᠠᠬᠤᠨ ᠤ ᠠᠵᠢᠯ ᠤᠨ ᠵᠦᠪᠯᠡᠯ ᠤᠨ ᠪᠦᠬᠦ ᠺᠠᠳ᠋ᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠦᠨᠳᠦᠰᠦᠳᠡᠨ ᠤ ᠤᠨᠤᠯ ᠪᠠ ᠰᠤᠶᠤᠯ ᠰᠤᠳᠤᠯᠭᠠᠨ ᠤ ᠬᠡᠯᠳᠡᠰ ᠤᠨ ᠪᠠᠭᠰᠢ᠂ ᠰᠢᠯᠢ ᠶᠢᠨ | ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ᠂ ᠦᠨᠳᠦᠰᠦᠳᠡᠨ ᠱᠠᠰᠢᠨ ᠰᠤᠷᠳᠠᠬᠤᠨ ᠤ | ᠲᠤᠪᠴᠢᠶ᠎ᠠ ᠶᠢᠨ ᠺᠠᠳ᠋ᠷ ᠰᠤᠷᠤᠯᠴᠠᠯᠭ᠎ᠠ ᠳᠤ ᠤᠷᠤᠯᠴᠠᠪᠠ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠮᠠ ᠹᠧᠩ | ᠳᠠᠶᠢᠯᠤᠮᠵᠢ ᠶᠢ ᠡᠷᠬᠢᠯᠡᠪᠡ᠃ | ᠸᠠᠩ ᠵᠧᠨ ᠪᠦᠬᠦ ᠤᠯᠤᠰ ᠪᠠ ᠪᠦᠬᠦ ᠤᠷᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠲᠠᠪᠤᠷᠢᠵᠢᠭᠤᠯᠬᠤ ᠰᠠᠳᠤᠪ ᠲᠠᠢ ᠤᠶᠠᠯᠳᠤᠭᠤᠯᠤᠨ ᠢᠯᠡᠳᠬᠡᠯ ᠬᠢᠵᠦ᠂ | ᠤᠨᠤᠯ ᠦᠢᠯᠡᠳᠦᠯᠭᠡ ᠶᠢ ᠤᠶᠠᠯᠳᠤᠭᠤᠯᠤᠨ᠂ ᠤᠯᠠᠨ ᠳᠤ ᠱᠠᠰᠢᠨ ᠰᠤᠷᠲᠠᠬᠤᠨ ᠤ ᠠᠵᠢᠯ ᠢ ᠴᠢᠩᠭᠠᠳᠬᠠᠬᠤ ᠪᠡ | ᠰᠢᠨᠡᠴᠢᠯᠡᠵᠦ᠂ ᠱᠠᠰᠢᠨ ᠰᠤᠷᠲᠠᠬᠤᠨ ᠤ ᠠᠵᠢᠯ ᠤᠨ ᠰᠢᠨ᠎ᠡ ᠬᠡᠪ ᠪᠠᠶᠢᠳᠠᠯ ᠢ ᠪᠤᠢ ᠪᠤᠯᠭᠠᠬᠤ ᠳᠤ ᠤᠨᠤᠯ ᠤᠨ | ᠵᠢᠯᠤᠭᠤᠳᠤᠯᠭ᠎ᠠ ᠶᠢ ᠬᠠᠩᠭᠠᠵᠠᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠭᠡᠪᠰᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠡ ᠶᠠᠷᠢᠶᠠᠨ ᠤ ᠵᠤᠷᠢᠭ ᠰᠠᠨᠠᠭ᠎ᠠ ᠪᠡ ᠪᠦᠬᠦ ᠤᠯᠤᠰ᠂ ᠪᠦᠬᠦ ᠤᠷᠤᠨ ᠤ ᠱᠠᠰᠢᠨ | ᠰᠤᠷᠲᠠᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠰᠢᠨ᠎ᠡ ᠪᠠᠶᠢᠳᠠᠯ | ᠲᠤᠤᠷᠠᠬᠢ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠵᠦ᠂ ᠪᠦᠬᠦ ᠠᠶᠢᠮᠠᠭ ᠤᠨ ᠱᠠᠰᠢᠨ ᠰᠤᠷᠲᠠᠬᠤᠨ ᠤ | ᠠᠵᠢᠯ ᠤᠨ ᠰᠢᠨ᠎ᠡ ᠬᠡᠪ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠡᠷᠭᠡᠪᠰᠢ ᠱᠠᠰᠢᠨ ᠰᠤᠷᠲᠠᠬᠤᠨ ᠤ ᠠᠵᠢᠯ ᠢ ᠭᠦᠨᠳᠦᠳᠭᠡᠨ ᠦᠵᠡᠵᠦ᠂ ᠲᠦᠪ ᠬᠤᠷᠢᠶ᠎ᠠ᠂ ᠥᠪᠡᠷᠲᠡᠭᠡᠨ | ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠱᠠᠰᠢᠨ ᠰᠤᠷᠲᠠᠬᠤᠨ ᠤ | ᠠᠵᠢᠯ ᠤᠨ ᠲᠤᠬᠠᠢ ᠪᠠᠶᠢᠷᠢᠯᠠᠭᠤᠯᠤᠯᠲᠠ ᠰᠢᠢᠳᠪᠦᠷᠢ ᠶᠢ ᠦᠨᠡᠨᠬᠦ ᠨᠠᠶᠢᠳᠠᠪᠤᠷᠢᠵᠢᠭᠤᠯᠵᠦ᠂ ᠠᠵᠢᠯ ᠤᠨ ᠴᠢᠳᠠᠪᠦᠷᠢ ᠪᠠᠨ | ᠲᠡᠭᠡᠭᠰᠢᠯᠡᠬᠦᠯᠵᠦ᠂ ᠡᠷᠡᠭᠦᠯ ᠡᠶ᠎ᠡ ᠵᠤᠬᠢᠴᠠᠩᠭᠤᠢ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠵᠦ᠂ ᠱᠠᠰᠢᠨ | ᠰᠤᠷᠲᠠᠬᠤᠨ ᠤ ᠡᠳᠡᠭᠡᠳ ᠤᠨ ᠨᠡᠶᠢᠬᠡᠮ ᠳᠤ ᠵᠤᠬᠢᠴᠠᠵᠦ᠂ ᠨᠡᠶᠢᠬᠡᠮ ᠳᠤ ᠦᠢᠯᠡᠴᠢᠯᠡᠵᠦ᠂ ᠨᠡᠶᠢᠬᠡᠮ ᠤᠨ ᠡᠬᠦᠷᠭᠡ | ᠬᠠᠷᠢᠭᠤᠴᠠᠯᠭ᠎ᠠ ᠡᠭᠦᠷᠭᠡᠯᠡᠬᠦ ᠶᠢ ᠵᠢᠯᠤᠭᠤᠳᠬᠤ ᠭᠡᠷᠡᠭᠲᠡᠢ᠃ ᠰᠠᠱᠢᠨ ᠰᠤᠷᠲᠠᠬᠤᠨ ᠤ ᠪᠦᠯᠬᠦᠮ ᠨᠡᠶᠢᠲᠡ ᠶᠢᠨ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠠᠮᠵᠢᠵᠦ᠂ ᠱᠠᠰᠢᠨ ᠰᠢᠳᠦᠯᠭᠡᠴᠢᠳ ᠢ ᠪᠦᠯᠬᠦᠮᠳᠡᠭᠦᠯᠵᠦ᠂ ᠠᠵᠦ | ᠠᠬᠤᠢ ᠶᠢᠨ ᠭᠦᠭᠵᠢᠯᠲᠡ᠂ ᠨᠡᠶᠢᠭᠡᠮ ᠤᠨ ᠠᠮᠤᠷ ᠲᠤᠭᠲᠠᠭᠤᠨ᠂ ᠦᠨᠳᠦᠰᠦᠳᠡᠨ ᠤ ᠪᠦᠯᠬᠦᠮᠳᠡᠯ᠂ ᠬᠢᠯᠢ ᠬᠢᠵᠠᠭᠠᠷ | ᠤᠷᠤᠨ ᠤ ᠠᠮᠤᠷ ᠲᠤᠭᠲᠠᠭᠤᠨ ᠳᠤ ᠬᠤᠪᠢ ᠨᠡᠮᠡᠷᠢ ᠪᠠᠨ ᠦᠵᠡᠬᠦᠯᠬᠦ ᠭᠡᠷᠡᠭᠲᠡᠢ ᠬᠡᠪᠡ᠃ |