5 ᠳ᠋ᠤᠭᠠᠷ ᠰᠠᠷ᠎ᠡ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠹᠦ᠋ ᠸᠠᠨ ᠬᠤᠢ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠬᠡᠢ | ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ | ᠲᠡᠭᠡᠷᠡᠬᠢ ᠨᠢᠭᠡᠳᠦᠭᠡᠷ ᠤᠯᠠᠷᠢᠯ ᠤᠨ ᠠᠵᠦ ᠠᠬᠤᠢ ᠶᠢᠨ ᠪᠠᠶᠢᠳᠠᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ | ᠪᠡ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ᠂ ᠥᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠲᠤᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠡᠪᠤᠷᠢᠵᠢᠭᠤᠯᠵᠦ᠂ ᠠᠵᠦ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠲᠠ ᠪᠠ ᠨᠡᠶᠢᠬᠡᠮ ᠤᠨ | ᠠᠮᠤᠷ ᠲᠤᠭᠳᠠᠭᠤᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠶᠤᠤ ᠶᠦᠩ | ᠪᠦᠸᠧ᠂ ᠠᠶᠢᠮᠠᠭ ᠤᠨ ᠳᠡᠳ᠋ ᠳᠠᠷᠤᠭ᠎ᠠ ᠸᠠᠩ ᠷᠦᠢ᠂ ᠾᠸᠦ ᡁᠢ ᠮᠢᠨ ᠨᠠᠷ ᠬᠤᠷᠠᠯ ᠳᠤ ᠤᠷᠤᠯᠴᠠᠪᠠ᠃ | ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠯᠤᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ | ᠬᠡᠰᠡᠭ ᠬᠡᠰᠢᠬᠦᠨ ᠬᠤᠷᠠᠯ ᠳᠤ ᠰᠤᠯᠠ ᠤᠷᠤᠯᠴᠠᠪᠠ᠃ | ᠬᠤᠷᠠᠯ ᠠᠴᠠ ᠵᠢᠭᠠᠬᠤ ᠳᠠᠭᠠᠨ᠂ ᠡᠨᠡ ᠵᠢᠯ ᠠᠴᠠ ᠨᠠᠰᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ | ᠬᠠᠮᠲᠦ ᠶᠢᠨ ᠴᠢᠷᠮᠠᠶᠢᠯᠭ᠎ᠠ ᠪᠠᠷ ᠪᠦᠬᠦ ᠠᠶᠢᠮᠠᠭ ᠤᠨ ᠠᠵᠦ ᠠᠬᠤᠢ ᠶᠢᠨ ᠡᠷᠬᠢᠯᠲᠡ ᠲᠤᠭᠳᠠᠭᠤᠨ ᠪᠠᠶᠢᠵᠦ᠂ ᠨᠢᠭᠡᠳᠦᠭᠡᠷ | ᠤᠯᠠᠷᠢᠯ ᠤᠨ ᠤᠬᠢ ᠰᠠᠶᠢᠨ ᠡᠬᠢᠯᠡᠯᠲᠡ ᠶᠢ ᠪᠤᠢ ᠪᠤᠯᠭᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠭᠡᠪᠰᠢ | ᠤᠳᠤᠬᠠᠨ ᠤ ᠠᠵᠦ ᠠᠬᠤᠢ ᠶᠢᠨ ᠡᠷᠬᠢᠯᠲᠡ ᠳᠤ ᠤᠷᠤᠰᠢᠵᠦ ᠪᠠᠶᠢᠭ᠎ᠠ ᠠᠰᠠᠭᠤᠳᠠᠯ ᠪᠠ ᠬᠦᠴᠢᠷᠳᠡᠯ ᠢ ᠪᠤᠰᠤᠳᠴᠢ ᠪᠠᠷ | ᠲᠠᠨᠢᠵᠦ᠂ ᠵᠤᠷᠢᠭᠲᠠᠢ ᠪᠠᠷ ᠬᠦᠴᠢᠷᠳᠡᠯ ᠢ ᠢᠯᠠᠨ ᠲᠠᠪᠠᠨ᠂ ᠠᠵᠦ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠲᠠ᠂ | ᠭᠤᠤᠯᠳᠠᠯᠭᠠᠲᠤ ᠲᠦᠷᠦᠯ ᠵᠦᠢᠯ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠴᠢᠩᠭ᠎ᠠ | ᠠᠳᠬᠤᠵᠦ᠂ ᠠᠵᠢᠯ ᠤᠨ ᠡᠭᠦᠷᠭᠡ ᠬᠠᠷᠠᠯᠲᠠ ᠪᠠᠨ ᠪᠡᠶᠡᠯᠡᠬᠦᠯᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠭᠠᠵᠠᠷ ᠤᠷᠤᠨ ᠤ ᠵᠠᠰᠠᠭ ᠤᠨ ᠤᠷᠳᠤᠨ ᠦᠷᠢᠲᠦᠵᠦ ᠪᠠᠶᠢᠭᠠᠳ | ᠪᠡᠯᠡ ᠴᠤᠭᠯᠠᠭᠤᠯᠬᠤ ᠨᠢ ᠠᠵᠦ ᠠᠬᠤᠢ ᠨᠡᠶᠢᠬᠡᠮ ᠤᠨ ᠦᠷᠬᠦᠯᠵᠢᠯᠡᠬᠦ ᠭᠦᠭᠵᠢᠯᠲᠡ ᠶᠢ ᠰᠢᠭᠤᠳ ᠨᠥᠯᠦᠭᠡᠯᠡᠳᠡᠭ᠃ | ᠡᠯ᠎ᠡ ᠭᠠᠵᠠᠷ ᠡᠯ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠡᠷᠭᠡᠪᠰᠢ ᠵᠠᠰᠠᠭ ᠤᠨ ᠤᠷᠳᠤᠨ ᠤ ᠦᠷᠢ ᠦᠭᠴᠡᠭᠡᠨ ᠤ | ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠦ᠂ ᠵᠠᠰᠠᠭ ᠤᠨ ᠤᠷᠳᠤᠨ ᠪᠠ ᠨᠡᠶᠢᠭᠡᠮ ᠤᠨ ᠬᠦᠷᠦᠩᠬᠡ ᠶᠢᠨ | ᠡᠳᠡᠭᠡᠳ ᠯᠦᠭᠡ ᠶᠢᠨ ᠬᠠᠮᠳᠤᠷᠠᠨ ᠠᠵᠢᠯᠯᠠᠬᠤ ᠠᠵᠢᠯᠯᠠᠭ᠎ᠠ ᠪᠠᠨ ᠲᠦᠷᠢᠮᠵᠢᠬᠦᠯᠵᠦ᠂ ᠤᠯᠠᠨ ᠠᠷᠭ᠎ᠠ ᠵᠠᠮ ᠢᠶᠠᠷ ᠪᠡᠯᠡ | ᠴᠤᠭᠯᠠᠭᠤᠯᠬᠤ ᠬᠡᠯᠪᠡᠷᠢ ᠪᠠᠷ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡᠨ ᠤ ᠠᠰᠠᠭᠤᠳᠠᠯ ᠢ ᠰᠢᠢᠳᠪᠦᠷᠢᠯᠡᠵᠦ | ᠂ ᠲᠦᠭᠰᠢᠬᠦᠷᠢ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠭᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠤᠨ ᠲᠤᠤᠷ᠎ᠡ ᠬᠠᠭᠠᠰ ᠵᠢᠯ ᠳᠤ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ | ᠤᠭᠲᠤᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠭᠡᠪᠰᠢ ᠤᠯᠤᠰ ᠲᠥᠷᠥ ᠶᠢᠨ ᠵᠤᠭᠰᠤᠯᠲᠠ ᠪᠠᠨ | ᠲᠡᠭᠡᠭᠰᠢᠯᠡᠬᠦᠯᠵᠥ᠂ ᠤᠯᠠᠨ ᠲᠥᠮᠡᠨ ᠤ ᠵᠠᠬᠢᠲᠠᠯ ᠰᠤᠷᠪᠤᠯᠵᠢᠯᠠᠭ᠎ᠠ ᠶᠢᠨ ᠠᠵᠢᠯ᠂ ᠵᠥᠷᠢᠴᠡᠯ ᠵᠢᠭᠤᠷᠠᠭᠠᠨ ᠢ ᠪᠠᠶᠢᠴᠠᠭᠠᠨ | ᠰᠢᠢᠳᠪᠤᠷᠢᠯᠡᠬᠦ᠂ ᠨᠡᠶᠢᠭᠡᠮ ᠤᠨ ᠠᠮᠤᠷ ᠳᠦᠪᠰᠢᠨ ᠤ ᠶᠡᠷᠥᠩᠭᠡᠶᠢᠯᠡᠨ ᠵᠠᠰᠠᠬᠤ᠂ ᠠᠶᠤᠯᠬᠦᠢ ᠥᠢᠯᠡᠳᠪᠤᠷᠢᠯᠡᠯ᠂ | ᠨᠤᠲᠤᠭ ᠪᠡᠯᠴᠢᠭᠡᠷ ᠤᠢ ᠰᠢᠭᠤᠢ ᠶᠢᠨ ᠭᠠᠯ ᠰᠡᠷᠭᠡᠶᠢᠯᠡᠯᠲᠡ᠂ ᠭᠠᠨᠭ᠌ ᠬᠠᠭᠰᠠᠷᠠᠭᠠᠨ ᠲᠠᠢ ᠲᠡᠮᠡᠴᠡᠬᠦ ᠪᠠ ᠲᠠᠯ᠎ᠠ | ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠠᠵᠢᠯ ᠢ ᠴᠢᠩᠭ᠎ᠠ ᠬᠢᠨᠠᠮᠠᠭᠠᠢ ᠰᠠᠶᠢᠲᠤᠷ | ᠬᠢᠵᠦ᠂ ᠨᠡᠶᠢᠬᠡᠮ ᠤᠨ ᠠᠮᠤᠷ ᠲᠤᠭᠲᠠᠭᠤᠨ ᠢ ᠪᠠᠲᠤᠯᠠᠨ ᠬᠠᠮᠠᠭᠠᠯᠠᠬᠤ ᠭᠡᠷᠡᠭᠲᠡᠢ ᠬᠡᠪᠡ᠃ | ᠬᠤᠷᠠᠯ ᠠᠴᠠ ᠱᠠᠭᠠᠷᠲᠠᠬᠤ ᠳᠠᠭᠠᠨ᠂ ᠪᠥᠬᠦ ᠠᠶᠢᠮᠠᠭ ᠤᠨ ᠵᠠᠰᠠᠭ ᠤᠨ ᠤᠷᠲᠤᠨ ᠤ ᠰᠢᠰᠲ᠋ᠧᠮ ᠤᠨ ᠨᠠᠮ ᠤᠨ | ᠬᠤᠷᠢᠶ᠎ᠠ ︵ᠨᠠᠮ ᠤᠨ ᠤᠲᠤᠷᠢᠳᠬᠤ ᠲᠤᠭᠤᠢᠢᠯᠠᠩ︶ ᠪᠠ ᠦᠷᠭᠡᠨ ᠤᠯᠠᠨ ᠨᠠᠮ ᠤᠨ ᠬᠡᠰᠢᠭᠦᠨ ᠤᠳᠤᠷᠢᠳᠬᠤ ᠺᠠᠳ᠋ᠷ | ᠡᠷᠭᠡᠪᠰᠢ ᠲᠥᠷᠪᠡᠨ ᠤᠬᠠᠮᠰᠠᠷ ᠢ ᠪᠠᠲᠤ ᠪᠤᠢ ᠪᠤᠯᠭᠠᠵᠥ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠪᠤᠳᠠᠳᠠᠢ ᠳᠤ | ᠨᠠᠶᠢᠳᠠᠪᠤᠷᠢᠵᠢᠭᠤᠯᠬᠤ ᠭᠡᠷᠡᠭᠲᠡᠢ ᠬᠡᠪᠡ᠃ |