ᠮᠠᠨ ᠤ ᠠᠶᠢᠮᠠᠭ ᠭᠠᠨᠭ᠌ ᠲᠠᠢ ᠲᠡᠮᠡᠴᠡᠭᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠤ ᠪᠤᠢ
ᠨᠡᠶᠢᠲᠡᠯᠡᠭᠰᠡᠨ ᠴᠠᠭ᠄
2017/6/22
   ᠲᠡᠭᠡᠷ᠎ᠡ ᠬᠠᠭᠠᠰ ᠵᠢᠯ ᠳᠤ᠂ ᠮᠠᠨ ᠤ ᠠᠶᠢᠮᠠᠭ ᠤᠨ ᠤᠯᠠᠩᠭᠢ ᠭᠠᠵᠠᠷ ᠤᠷᠤᠨ ᠳᠤ ᠶᠡᠭᠡ ᠰᠠᠯᠬᠢ ᠡᠯᠡᠰᠦᠨ ᠰᠢᠭᠤᠷᠭ᠎ᠠ ᠲᠡᠭᠳᠡᠵᠦ᠂ ᠬᠤᠷ᠎ᠠ ᠲᠤᠨᠤᠳᠠᠰᠦ ᠬᠤᠮᠰᠠᠳᠠᠵᠦ᠂ ᠭᠠᠨᠭ᠌ ᠬᠠᠭᠰᠠᠷᠠᠭᠠᠨ ᠪᠤᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠦᠷᠠᠯ ᠢ ᠨᠦᠯᠦᠭᠡᠯᠡᠭᠰᠡᠨ ᠪᠠᠶᠢᠨ᠎ᠠ᠃        ᠤᠳᠤᠬᠠᠨ᠂ ᠪᠦᠭᠦ ᠠᠶᠢᠮᠠᠭ ᠤᠨ 1.88 ᠳ᠋ᠦᠡᠭᠰᠢᠭᠤᠷ ᠮᠦ ᠨᠤᠳᠤᠭ ᠪᠡᠯᠴᠢᠭᠡᠷ᠂ 105 ᠲᠦᠮᠡᠨ ᠮᠦ ᠲᠠᠷᠢᠶᠠᠨ ᠭᠠᠵᠠᠷ ᠭᠠᠨᠭ᠍ᠳᠠᠵᠦ᠂ 13 ᠬᠤᠰᠢᠭᠤ ᠰᠢᠶᠠᠨ ᠬᠤᠳᠠ ︵ᠤᠷᠤᠨ︶᠎ ᠶᠢᠨ 70 ᠰᠤᠮᠤ ᠰᠢᠶᠠᠩ ᠪᠠᠯᠭᠠᠰᠦ᠂ 27.13 ᠲᠦᠮᠡᠨ ᠭᠦᠮᠦᠨ ᠵᠢᠴᠢ 643 ᠲᠦᠮᠡᠨ ᠮᠠᠯ ᠨᠦᠯᠦᠭᠡᠯᠡᠭᠳᠡᠵᠦ᠂ ᠡᠭᠦᠨ ᠳᠤ 5.99 ᠲᠦᠮᠡᠨ ᠭᠦᠮᠦᠨ᠂ 166 ᠲᠦᠮᠡᠨ ᠮᠠᠯ ᠤᠨ ᠤᠤᠭᠤᠬᠤ ᠤᠰᠤ ᠬᠤᠮᠰᠠᠳᠠᠵᠠᠢ᠃    ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠭᠠᠨᠭ᠌ ᠤᠨ ᠡᠨᠡᠭᠦ ᠭᠦᠨᠳᠦ ᠨᠤᠴᠢᠳᠠᠢ ᠪᠠᠶᠢᠳᠠᠯ ᠢ ᠲᠡᠭᠡᠳᠦ ᠭᠡᠮᠵᠢᠶ᠎ᠡ ᠪᠠᠷ ᠴᠢᠬᠤᠯᠠᠴᠢᠯᠠᠵᠦ ᠢᠳᠡᠪᠬᠢᠳᠠᠢ ᠠᠷᠭ᠎ᠠ ᠭᠡᠮᠵᠢᠶ᠎ᠡ ᠠᠪᠴᠠᠢ᠃ ᠠᠶᠢᠮᠠᠭ ᠤᠨ ᠵᠠᠬᠢᠷᠭ᠎ᠠ ᠶᠢᠨ ᠭᠤᠤᠯ ᠤᠳᠤᠷᠢᠳᠤᠯᠭ᠎ᠠ ᠴᠠᠭ ᠲᠤᠬᠠᠢ ᠳᠤᠨᠢ ᠲᠤᠰᠬᠠᠢ ᠰᠡᠳᠦᠪᠳᠦ ᠬᠤᠷᠠᠯ ᠬᠤᠷᠠᠯᠳᠤᠭᠤᠯᠤᠨ ᠭᠠᠨᠭ᠌ ᠲᠠᠢ ᠲᠡᠮᠡᠴᠡᠭᠦ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠳᠦ᠂ ᠲᠤᠰᠬᠠᠶᠢᠯᠠᠨ ᠭᠠᠨᠭ᠌ ᠲᠠᠢ ᠲᠡᠮᠡᠴᠡᠭᠦ ᠪᠠᠷ 3000 ᠲᠦᠮᠡᠨ ᠲᠦᠭᠦᠷᠢᠭ ᠤᠨ ᠠᠶᠢᠮᠠᠭ ᠤᠨ ᠲᠠᠷᠤᠭ᠎ᠠ ᠶᠢᠨ ᠪᠡᠯᠡᠳᠭᠡᠯ ᠮᠦᠡᠭᠭᠦ ᠪᠠᠭᠤᠯᠭᠠᠯ᠎ᠠ᠃ ᠡᠭᠦᠨ ᠠᠴᠠ ᠭᠠᠳᠠᠨ᠎ᠠ᠂ ᠤᠳᠤ ᠶᠠᠭ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠭᠠᠨᠭ᠌ ᠲᠠᠢ ᠲᠡᠮᠡᠴᠡᠵᠦ ᠭᠠᠮᠰᠢᠭ ᠠᠴᠠ ᠠᠪᠤᠷᠬᠠᠤ ᠨᠦᠬᠦᠪᠦᠷᠢ ᠮᠦᠡᠭᠭᠦ ᠶᠢ ᠢᠳᠡᠪᠬᠢᠳᠠᠢ ᠡᠷᠡᠮᠡᠯᠵᠡᠯᠡᠵᠦ᠂ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠪᠦᠳᠦᠭᠡᠨ ᠪᠠᠶᠢᠭᠤᠯᠤᠯᠳᠠ᠂ ᠭᠠᠨᠭ᠌ ᠲᠠᠢ ᠲᠡᠮᠡᠴᠡᠭᠦ ᠲᠤᠨᠤᠭ ᠲᠦᠭᠦᠭᠡᠷᠦᠮᠵᠢ ᠶᠢ ᠵᠠᠰᠠᠨ ᠰᠡᠯᠪᠢᠭᠦ᠂ ᠭᠦᠮᠦᠨ ᠤ ᠭᠦᠴᠦ ᠪᠠᠷ ᠪᠤᠷᠤᠭᠠᠨ ᠤᠷᠤᠭᠤᠯᠬᠤ ᠵᠡᠷᠭᠡ ᠠᠵᠢᠯ ᠳᠤ ᠭᠡᠷᠡᠭᠯᠡᠭᠦ ᠪᠠᠷ ᠲᠦᠯᠦᠪᠯᠡᠵᠦ᠂ ᠮᠠᠯᠵᠢᠬᠤ ᠲᠠᠷᠢᠶᠠᠯᠬᠠᠤ ᠦᠢᠯᠡᠳᠪᠦᠷᠢᠯᠡᠯ ᠪᠤᠯᠤᠨ ᠮᠠᠯᠴᠢᠨ ᠲᠠᠷᠢᠶᠠᠴᠢᠨ ᠤ ᠠᠮᠢᠳᠦᠷᠠᠯ ᠢ ᠪᠦᠭᠦ ᠭᠦᠴᠦᠨ ᠢᠶᠠᠷ ᠪᠠᠳᠤᠯᠠᠵᠦ ᠪᠤᠢ᠃      ᠤᠶᠢᠷ᠎ᠠ ᠳᠤ᠂ ᠭᠠᠨᠭ᠌ ᠲᠠᠢ ᠲᠡᠮᠡᠴᠡᠭᠦ ᠦᠶᠡᠷ ᠤᠰᠤᠳᠤᠯ ᠢ ᠰᠡᠷᠭᠡᠶᠢᠯᠡᠭᠦ ᠵᠢᠴᠢ ᠠᠮᠢᠳᠠᠨ ᠤ ᠤᠨᠴᠠ ᠶᠡᠭᠡ ᠬᠢᠵᠢᠭ ᠭᠡᠮ ᠢ ᠰᠡᠷᠭᠡᠶᠢᠯᠡᠭᠦ ᠪᠦᠭᠦ ᠠᠶᠢᠮᠠᠭ ᠤᠨ ᠲᠧᠯᠸᠢᠰ ᠤᠳᠠᠰᠤᠳᠦ ᠬᠤᠷᠠᠯ ᠬᠤᠷᠠᠯᠳᠤᠭᠤᠯᠵᠦ᠂ ᠭᠠᠨᠭ᠌ ᠲᠠᠢ ᠲᠡᠮᠡᠴᠡᠭᠦ ᠡᠯ᠎ᠡ ᠲᠦᠷᠦᠯ ᠤᠨ ᠠᠵᠢᠯ ᠢ ᠲᠠᠬᠢᠨ ᠰᠤᠳᠤᠯᠤᠨ ᠪᠠᠶᠢᠷᠢᠯᠠᠭᠤᠯᠵᠠᠢ᠃ ᠬᠤᠷᠠᠯ ᠠᠴᠠ ᠰᠤᠳᠤᠯᠤᠨ ᠲᠤᠭᠳᠠᠭᠠᠭᠰᠠᠨ ᠠᠷᠭ᠎ᠠ ᠭᠡᠮᠵᠢᠶ᠎ᠡ ᠳᠤ᠄ ᠬᠠᠮᠢᠶ᠎ᠠ ᠪᠦᠭᠦᠢ ᠰᠠᠯᠠᠭ᠎ᠠ ᠮᠦᠴᠢᠷ ᠴᠠᠭ ᠠᠭᠤᠷ ᠢ ᠬᠢᠨᠠᠨ ᠭᠡᠮᠵᠢᠭᠦ ᠪᠠᠨ ᠤᠯᠠᠮ ᠴᠢᠩᠭᠠᠳᠬᠠᠵᠦ᠂ ᠭᠠᠨᠭ᠌ ᠤᠨ ᠪᠠᠶᠢᠳᠠᠯ ᠢ ᠤᠷᠢᠳᠴᠢᠯᠠᠨ ᠰᠤᠳᠤᠯᠤᠨ ᠵᠠᠳᠠᠯᠵᠦ ᠲᠤᠭᠳᠠᠭᠠᠨ᠂ ᠰᠡᠷᠭᠡᠶᠢᠯᠡᠭᠦ ᠠᠷᠭ᠎ᠠ ᠭᠡᠮᠵᠢᠶ᠎ᠠ ᠶᠢ ᠤᠯᠠᠨ ᠠᠷᠭ᠎ᠠ ᠵᠠᠮ ᠢᠶᠠᠷ ᠮᠡᠳᠡᠭᠡᠯᠡᠵᠦ᠂ ᠮᠠᠯᠴᠢᠨ ᠲᠠᠷᠢᠶᠠᠴᠢᠨ ᠡᠷᠦᠭᠡ ᠶᠢᠨ ᠦᠢᠯᠡᠳᠪᠦᠷᠢᠯᠡᠯ ᠵᠢᠴᠢ ᠭᠠᠮᠰᠢᠭᠳᠠᠭᠰᠠᠨ ᠪᠠᠶᠢᠳᠠᠯ ᠢ ᠴᠠᠭ ᠲᠤᠬᠠᠢ ᠳᠤᠨᠢ ᠤᠶᠢᠯᠠᠭᠠᠨ᠎ᠠ᠃ ᠠᠰᠢᠭᠳᠠᠢ ᠲᠤᠬᠢᠶᠠᠯ ᠢ ᠵᠠᠪᠳᠤᠵᠦ᠂ ᠭᠦᠮᠦᠨ ᠤ ᠭᠦᠴᠦ ᠪᠠᠷ ᠪᠤᠷᠤᠭᠠᠨ ᠤᠷᠤᠭᠤᠯᠬᠤ ᠠᠵᠢᠯ ᠢ ᠢᠳᠡᠪᠬᠢᠳᠠᠢ ᠬᠢᠨ᠎ᠡ᠃ ᠤᠰᠤᠨ ᠠᠰᠢᠬᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠭᠠᠨᠭ᠌ ᠲᠠᠢ ᠲᠡᠮᠡᠴᠡᠭᠦ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠵᠦ᠂ ᠭᠦᠮᠦᠨ ᠮᠠᠯ ᠤᠨ ᠤᠤᠭᠤᠬᠤ ᠤᠰᠤᠨ ᠤ ᠠᠰᠠᠭᠤᠳᠠᠯ ᠪᠤᠯᠤᠨ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠱᠠᠭᠠᠷᠳᠠᠯᠭ᠎ᠠ ᠶᠢ ᠪᠦᠭᠦ ᠭᠦᠴᠦᠨ ᠢᠶᠠᠷ ᠪᠠᠳᠤᠯᠠᠨ᠎ᠠ᠃ ᠬᠠᠮᠢᠶ᠎ᠠ ᠪᠦᠭᠦᠢ ᠰᠠᠯᠠᠭ᠎ᠠ ᠮᠦᠴᠢᠷ᠂ ᠰᠤᠮᠤ ᠰᠢᠶᠠᠩ ᠪᠠᠯᠭᠠᠰᠦ ᠵᠢᠴᠢ ᠭᠠᠴᠠᠭ᠎ᠠ ᠲᠤᠰᠬᠤᠨ ᠤ ᠺᠠᠳ᠋ᠷ ᠢ ᠵᠤᠬᠢᠶᠠᠨ ᠪᠠᠶᠢᠭᠤᠯᠵᠦ᠂ ᠰᠢᠨ᠎ᠡ ᠡᠭᠡᠯᠵᠢ ᠶᠢᠨ ᠨᠤᠳᠤᠭ ᠪᠡᠯᠴᠢᠭᠡᠷ ᠠᠮᠢ ᠠᠬᠤᠢ ᠶᠢᠨ ᠨᠦᠭᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ᠂ ︽ᠬᠤᠨᠢ ᠶᠢ ᠴᠦᠭᠡᠴᠢᠯᠡᠵᠦ ᠦᠭᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠭᠦᠨᠵᠡᠭᠡᠢ ᠤᠬᠠᠭᠤᠯᠵᠦ᠂ ᠵᠠᠬ᠎ᠠ ᠲᠡᠯᠭᠡᠭᠦᠷ ᠤᠨ ᠪᠠᠶᠢᠳᠠᠯ ᠢ ᠭᠦᠢᠴᠡᠳ ᠵᠠᠳᠠᠯᠵᠦ᠂ ᠮᠠᠯᠴᠢᠨ ᠲᠠᠷᠢᠶᠠᠴᠢᠨ ᠢ ᠵᠢᠯᠤᠭᠤᠳᠤᠨ ᠮᠠᠯ ᠲᠠᠷᠢᠶᠠᠯᠠᠩ ᠤᠨ ᠪᠦᠳᠦᠴᠡ ᠶᠢ ᠨᠢ ᠵᠤᠬᠢᠰᠳᠠᠢ ᠲᠤᠬᠢᠷᠠᠭᠤᠯᠬᠤ ᠶᠢᠨ ᠬᠠᠮᠳᠦ ᠮᠡᠷᠭᠡᠵᠢᠯ ᠤᠨ ᠵᠢᠯᠤᠭᠤᠳᠤᠮᠵᠢ ᠶᠢ ᠴᠢᠩᠭᠠᠳᠬᠠᠵᠦ᠂ ᠲᠡᠳᠡᠨ ᠤ ᠰᠢᠨᠵᠢᠯᠡᠭᠦ ᠤᠬᠠᠭᠠᠨᠴᠢ ᠪᠠᠷ ᠭᠠᠨᠭ᠌ ᠲᠠᠢ ᠲᠡᠮᠡᠴᠡᠭᠦ ᠳᠤᠨᠢ ᠬᠠᠪᠰᠤᠷᠤᠯᠭ᠎ᠠ ᠦᠵᠡᠭᠦᠯᠭᠦ ᠵᠡᠷᠭᠡ ᠶᠢ ᠪᠠᠭᠳᠠᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号