ᠪᠦᠬᠦ ᠠᠶᠢᠮᠠᠭ ᠢᠶᠠᠷ ᠢᠶᠠᠨ ᠨᠢᠬᠡᠨᠲᠡ 9 ᠲᠦᠮᠡ ᠭᠠᠷᠤᠢ ᠬᠤᠨᠢ ᠡᠳ᠋ᠰᠢᠬᠦᠯᠪᠡ | 6 ᠳ᠋ᠤᠭᠠᠷ ᠰᠠᠷ᠎ᠡ ᠶᠢᠨ 18 ᠤ ᠦᠷᠯᠦᠬᠡ᠂ ᠬᠤᠨᠢ ᠲᠡᠭᠡᠬᠡᠭᠰᠡᠨ ᠲᠡᠷᠬᠡ ᠨᠦᠭᠦᠳ ᠳ᠋ᠠ ᠵᠤᠸᠠᠩ ᠶᠤᠸᠠᠨ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠬᠦᠯᠤᠨ ᠪᠤᠯᠪᠠᠰᠤᠷᠠᠭᠤᠯᠬᠤ ᠵᠢᠱᠢᠶ᠎ᠡ ᠦᠵᠡᠬᠦᠯᠬᠦ ᠤᠷᠤᠨ | ᠳᠤᠭᠤᠷᠢᠭ ᠲᠤ ᠬᠤᠶᠢᠨ᠎ᠡ ᠬᠤᠶᠢᠨ᠎ᠡ ᠠᠴᠠ ᠪᠠᠨ ᠤᠷᠤᠬᠤ ᠬᠠᠷᠠᠭᠳᠠᠨ᠎ᠠ᠃ ᠰᠤᠷᠪᠤᠯᠵᠢᠯᠠᠭᠴᠢ ᠡᠳ᠋ᠰᠢᠬᠦᠯᠬᠦ | ᠲᠠᠰᠤᠭ ᠤᠨ ᠭᠠᠳᠠᠨ᠎ᠠ᠂ ᠦᠵᠦᠮᠦᠴᠢᠨ ᠬᠤᠨᠢᠨ ᠤ ᠨᠡᠶᠢᠬᠡᠮᠯᠢᠭ ᠤᠨ ᠬᠦᠷᠡᠯ 30 ᠭᠠᠷᠤᠢ ᠮᠠᠯᠴᠢᠨ ᠢᠶᠠᠨ | ᠲᠠᠭᠠᠭᠤᠯᠤᠨ ᠲᠤᠭᠤᠷᠢᠨ ᠦᠵᠡᠵᠦ ᠪᠠᠶᠢᠬᠤ ᠲᠠᠢ ᠬᠠᠷᠭᠤᠯ᠎ᠠ᠃ ᠬᠦᠷᠡᠯ᠄ ︽ᠮᠠᠨ ᠤ ᠨᠠᠶᠢᠬᠡᠮᠯᠢᠭ ᠠᠶᠢᠮᠠᠭ ᠤᠨ 6 | ᠳᠤᠮᠤ ᠤᠯᠠᠭᠠᠨ ᠢᠳᠡᠭᠡᠨ ᠤ ᠠᠵᠦ ᠠᠬᠤᠶᠢᠯᠠᠯ ᠲᠠᠢ ᠴᠦᠮ ᠬᠡᠷ᠎ᠠ ᠲᠤᠭᠳᠠᠵᠠᠢ᠂ 32 ᠲᠦᠮᠡᠨ ᠡᠪᠦᠯ ᠤᠨ ᠬᠤᠷᠠᠭ᠎ᠠ | ᠪᠠ ᠬᠠᠪᠤᠷ ᠤᠨ ᠡᠷᠲᠡ ᠶᠢᠨ ᠬᠤᠷᠠᠭ᠎ᠠ ᠶᠢᠨ ᠵᠠᠬᠢᠶᠠᠯᠠᠭ᠎ᠠ ᠲᠠᠢ᠂ ᠳ᠋ᠠ ᠵᠤᠸᠠᠩ ᠶᠤᠸᠠᠨ ᠺᠤᠮᠫᠠᠨᠢ ᠪᠤᠯ ᠬᠠᠮᠤᠭ ᠤᠨ | ᠤᠯᠠᠨ ᠵᠠᠬᠢᠶᠠᠯᠠᠭ᠎ᠠ ᠲᠠᠢ ᠨᠢᠬᠡ ᠨᠢ ᠪᠤᠯᠤᠨ᠎ᠠ︾ ᠬᠡᠵᠤ ᠬᠡᠯᠡᠯ᠎ᠡ᠃ | ᠳ᠋ᠠ ᠵᠤᠸᠠᠩ ᠶᠤᠸᠠᠨ ᠺᠤᠮᠫᠠᠨᠢ 5 ᠳ᠋ᠤᠭᠠᠷ ᠰᠠᠷ᠎ᠡ ᠶᠢᠨ 22 ᠤᠨ ᠡᠳᠤᠷ ᠠᠴᠠ ᠲᠠᠷᠤᠢ ᠠᠯᠠᠵᠤ ᠨᠢᠳᠤᠯᠬᠦ | ᠦᠢᠯᠡᠳᠪᠦᠷᠢᠯᠡᠯ ᠢᠶᠠᠨ ᠡᠬᠢᠯᠡᠬᠦᠯᠵᠦ᠂ ᠡᠳ᠋ᠰᠢᠬᠦᠯᠬᠦ ᠲᠠᠰᠤᠭ ᠤᠨ ᠡᠯ᠎ᠠ ᠵᠦᠢᠯ ᠤᠨ ᠠᠵᠢᠯ ᠡᠮᠬᠢ ᠵᠠᠮᠪᠠᠷᠠᠭ᠎ᠠ ᠲᠠᠢ | ᠶᠠᠪᠤᠭᠳᠠᠵᠦ ᠪᠠᠶᠢᠨ᠎ᠠ᠃ ᠤᠳᠤᠬᠠᠨ ᠳᠤ᠂ ᠲᠤᠰ ᠠᠵᠦ ᠠᠬᠤᠶᠢᠯᠠᠯ ᠤᠨ ᠬᠤᠨᠢᠨ ᠮᠢᠬ᠎ᠠ ᠬᠤᠲᠠᠯᠳᠤᠨ ᠠᠪᠬᠤ | ᠦᠨ᠎ᠡ ᠨᠢ ᠵᠢᠩ ᠪᠦᠷᠢ ᠳᠡᠭᠡᠨ 20 ᠲᠦᠭᠦᠷᠢᠭ᠂ ᠨᠢᠳᠤᠨᠤᠨ ᠠᠴᠠ 7.5 ᠲᠦᠭᠦᠷᠢᠭ ᠲᠡᠭᠡᠭᠰᠢᠯᠡᠵᠦ᠂ ᠨᠢᠬᠡᠨᠳᠡ 2 | ᠲᠦᠮᠡ ᠭᠠᠷᠤᠢ ᠬᠤᠨᠢ ᠡᠳ᠋ᠰᠢᠬᠦᠯᠵᠦ᠂ ᠡᠳᠦᠷ ᠪᠦᠷᠢ ᠶᠢᠨ ᠠᠯᠠᠵᠤ ᠨᠢᠳᠤᠯᠬᠦ ᠬᠡᠮᠵᠢᠶ᠎ᠡ ᠨᠢ 1000 ᠠᠴᠠ 2000 | ᠤᠷᠴᠢᠮ ᠪᠤᠯᠤᠨ᠎ᠠ᠃ | ᠳ᠋ᠠ ᠵᠤᠸᠠᠩ ᠶᠤᠸᠠᠨ ᠺᠤᠮᠫᠠᠨᠢ ᠶᠢᠨ ᠶᠡᠷᠦᠩᠬᠡᠢ ᠲᠠᠭᠠᠭᠠᠮᠠᠯ ᠴᠧᠨ ᠰᠢ ᠯᠢᠶᠠᠩ᠄ ︽ᠥᠩᠬᠡᠷᠡᠭᠰᠡᠨ ᠳᠤ ᠮᠠᠯᠴᠢᠳ | ᠮᠠᠯ ᠢᠶᠠᠨ ᠤᠯᠠᠩᠬᠢ ᠳᠠᠭᠠᠨ ᠨᠠᠮᠤᠷ ᠵᠠᠷᠤᠴᠠᠭᠤᠯᠳᠠᠭ ᠪᠠᠶᠢᠭᠰᠠᠨ᠂ ᠡᠨᠡ ᠵᠢᠯ ᠮᠠᠯ ᠤᠨ ᠵᠠᠷᠤᠴᠠᠭᠤᠯᠤᠯᠲᠠ ᠶᠢᠨ ᠠᠵᠢᠯ | ᠵᠤᠨ ᠤ ᠡᠬᠢ ᠪᠠᠷ ᠡᠬᠢᠯᠡᠭᠰᠡᠨ ᠪᠦᠬᠡᠳ ᠡᠪᠦᠯ ᠤᠨ ᠵᠠᠷᠤᠴᠠᠭᠤᠯᠤᠯᠲᠠ ᠶᠢ ᠪᠠᠰᠠ 11 ᠳ᠋ᠤᠭᠡᠷ ᠰᠠᠷ᠎ᠡ ᠬᠦᠷᠲᠡᠯ᠎ᠡ | ᠤᠷᠳᠤᠳᠬᠠᠬᠤ ᠲᠦᠯᠦᠪᠯᠡᠭᠡ ᠲᠠᠢ᠂ ᠢᠩᠬᠢᠬᠦ ᠪᠠᠷ ᠢᠶᠠᠨ ᠮᠠᠨ ᠤ ᠠᠶᠢᠮᠠᠭ ᠤᠨ ᠵᠠᠷᠤᠴᠠᠭᠤᠯᠤᠯᠲᠠ ᠶᠢᠨ ᠬᠤᠭᠤᠴᠠᠭ᠎ᠠ | ᠬᠤᠶᠠᠷ ᠤᠯᠠᠷᠢᠯ ᠬᠠᠭᠠᠰ ᠪᠤᠯᠵᠦ᠂ ᠵᠠᠬ᠎ᠠ ᠲᠡᠯᠭᠡᠭᠦᠷ ᠲᠤ ᠪᠦᠬᠦ ᠤᠯᠠᠷᠢᠯ ᠳᠤ ᠲᠤᠭᠳᠠᠭᠤᠨ ᠬᠠᠨᠭ᠍ᠭᠠᠨ᠎ᠡ︾ ᠬᠡᠵᠦ | ᠲᠠᠨᠢᠯᠴᠠᠭᠤᠯᠤᠯ᠎ᠠ᠃ ᠡᠨᠡ ᠵᠤᠨ ᠠᠴᠠ ᠨᠠᠰᠢ᠂ ᠮᠠᠨ ᠤ ᠠᠶᠢᠮᠠᠭ ᠤᠨ ᠡᠪᠦᠯ ᠤᠨ ᠬᠤᠷᠠᠭ᠎ᠠ ᠬᠠᠪᠤᠷ ᠤᠨ ᠡᠷᠳᠡ ᠶᠢᠨ | ᠬᠤᠷᠠᠭ᠎ᠠ ᠶᠢᠨ ᠵᠠᠷᠤᠴᠠᠭᠤᠯᠤᠯᠲᠠ ᠨᠢᠬᠡᠨᠳᠡ ᠡᠬᠢᠯᠡᠵᠦ᠂ 6 ᠳ᠋ᠤᠭᠠᠷ ᠰᠠᠷ᠎ᠡ ᠶᠢᠨ 15 ᠪᠤᠯᠳᠠᠯ᠎ᠠ᠂ ᠪᠦᠬᠦ ᠠᠶᠢᠮᠠᠭ ᠤᠨ | 4 ᠭᠠᠵᠠᠷ ᠤᠷᠤᠨ ᠤ 7 ᠤᠯᠠᠭᠠᠨ ᠢᠳᠡᠬᠡᠨ ᠤ ᠠᠵᠦ ᠠᠬᠤᠶᠢᠯᠠᠯ ᠦᠢᠯᠡᠳᠪᠦᠷᠢᠯᠡᠯ ᠢᠶᠠᠨ ᠡᠬᠢᠯᠡᠬᠦᠯᠵᠦ᠂ ᠨᠢᠬᠡᠨᠲᠡ | 8.6 ᠲᠦᠮᠡᠨ ᠬᠤᠷᠠᠭ᠎ᠠ ᠡᠳ᠋ᠰᠢᠬᠦᠯᠵᠦ᠂ ᠡᠭᠦᠨ ᠳᠤ᠂ ᠰᠢᠯᠢ ᠶᠢᠨ ᠬᠤᠲᠠ ᠶᠢᠨ 2 ᠠᠵᠦ ᠠᠬᠤᠶᠢᠯᠠᠯ 4 ᠲᠦᠮᠡᠨ | ᠬᠤᠷᠠᠭ᠎ᠠ᠂ ᠰᠦᠨᠢᠳ ᠪᠠᠷᠠᠭᠤᠨ ᠬᠤᠰᠢᠭᠤᠨ ᠤ 3 ᠠᠵᠦ ᠠᠬᠤᠶᠢᠯᠠᠯ 3.3 ᠲᠦᠮᠡᠨ ᠬᠤᠷᠠᠭ᠎ᠠ᠂ ᠠᠪᠠᠭ᠎ᠠ | ᠬᠤᠰᠢᠭᠤᠨ ᠤ 1 ᠠᠵᠦ ᠠᠬᠤᠶᠢᠯᠠᠯ 1.1 ᠲᠦᠮᠡᠨ ᠬᠤᠷᠠᠭ᠎ᠠ᠂ ᠬᠦᠪᠡᠭᠡᠲᠦ ᠰᠢᠷ᠎ᠡ ᠬᠤᠰᠢᠭᠤᠨ ᠤ 1 ᠠᠵᠦ | ᠠᠬᠤᠶᠢᠢᠯᠠᠯ 0.2 ᠲᠦᠮᠡᠨ ᠬᠤᠷᠠᠭ᠎ᠠ ᠡᠳ᠋ᠰᠢᠬᠦᠯᠪᠡ᠃ ᠬᠡᠩᠬᠦᠳᠡᠭ ᠤᠨ ᠦᠨ᠎ᠡ ᠨᠢ ᠵᠢᠩ ᠪᠦᠷᠢ ᠳᠡᠭᠡᠨ 19-21 | ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ ᠪᠠᠭ᠎ᠠ ᠦᠨᠳᠦᠷ᠃ | ᠤᠶᠢᠷ᠎ᠡ ᠶᠢᠨ ᠬᠤᠶᠠᠷ ᠵᠢᠯ᠂ ᠮᠠᠨ ᠤ ᠠᠶᠢᠮᠠᠭ ︽ᠬᠤᠨᠢ ᠶᠢ ᠴᠦᠬᠡᠴᠢᠯᠡᠵᠦ ᠦᠬᠡᠷ ᠮᠠᠯᠵᠢᠬᠤ︾ ᠶᠢ | ᠲᠦᠷᠭᠡᠳᠭᠡᠨ ᠠᠬᠢᠭᠤᠯᠵᠦ᠂ ᠪᠦᠲᠦᠴᠡ ᠶᠢᠨ ᠲᠤᠬᠢᠷᠠᠭᠤᠯᠤᠯᠲᠠ ᠬᠢᠬᠦ ᠶᠢᠨ ᠬᠠᠮᠲᠦ ︽ᠪᠡᠯᠴᠢᠬᠡᠷᠯᠡᠬᠦᠯᠬᠦ + ᠪᠤᠷᠳᠤᠨ | ᠲᠡᠵᠢᠬᠡᠭᠦ︾ ᠬᠡᠯᠪᠡᠷᠢ ᠪᠠᠷ ᠤᠷᠢᠳᠴᠢᠯᠠᠨ ᠵᠠᠷᠤᠴᠠᠭᠤᠯᠬᠤ᠂ ᠬᠡᠰᠡᠭ ᠪᠦᠯᠦᠭ ᠬᠤᠪᠢᠶᠠᠨ ᠵᠠᠷᠤᠴᠠᠭᠤᠯᠬᠤ ᠶᠢ | ᠵᠤᠷᠢᠭᠵᠢᠭᠤᠯᠵᠠᠢ᠃ ᠤᠷᠢᠳᠴᠢᠯᠠᠨ ᠵᠠᠷᠤᠴᠠᠭᠤᠯᠬᠤ ᠶᠢ ᠵᠤᠷᠢᠭᠵᠢᠭᠤᠯᠬᠤ ᠶᠢᠨ ᠲᠤᠯᠠᠳᠠ᠂ ᠰᠢᠯᠢ ᠶᠢᠨ ᠬᠤᠲᠠ ᠶᠢᠨ | ᠵᠠᠰᠠᠭ ᠤᠨ ᠤᠷᠳᠤᠨ ᠠᠴᠠ ᠮᠠᠯᠴᠢᠳ ᠲᠤ ᠬᠤᠨᠢ ᠪᠦᠷᠢ ᠳᠤ 60 ᠲᠦᠭᠦᠷᠢᠭ ᠤᠨ ᠨᠦᠬᠦᠪᠦᠷᠢ ᠤᠯᠭᠤᠵᠦ᠂ | ᠪᠠᠷᠠᠭᠤᠨ ᠦᠵᠦᠮᠦᠴᠢᠨ ᠬᠤᠰᠢᠭᠤ ᠮᠠᠯᠴᠢᠳ ᠲᠤ ᠬᠤᠨᠢ ᠪᠤᠶᠢᠷᠢ ᠶᠢᠨ 100 ᠲᠦᠬᠦᠷᠢᠭ ᠤᠨ ᠨᠦᠬᠦᠪᠦᠷᠢ | ᠤᠯᠭᠤᠵᠦ᠂ ᠪᠤᠰᠤᠳ ᠭᠠᠵᠠᠷ ᠤᠷᠤᠨ ᠪᠠᠰᠠ ᠵᠤᠬᠢᠬᠤ ᠠᠷᠭ᠎ᠠ ᠬᠡᠮᠵᠢᠶ᠎ᠠ ᠠᠪᠴᠦ ᠪᠤᠢ᠃ | ᠡᠨᠡ ᠵᠢᠯ ᠤᠨ ᠲᠡᠭᠡᠷ᠎ᠡ ᠬᠠᠭᠠᠰ ᠵᠢᠯ᠂ ᠮᠠᠨ ᠤ ᠠᠶᠢᠮᠠᠭ ᠤᠨ ᠤᠯᠠᠩᠬᠢ ᠭᠠᠵᠠᠷ ᠤᠷᠤᠨ ᠬᠤᠷ᠎ᠠ ᠲᠤᠨᠤᠳᠠᠰᠤ ᠶᠢᠨ | ᠬᠡᠮᠵᠢᠶ᠎ᠡ ᠪᠠᠭ᠎ᠠ᠂ ᠭᠠᠩ ᠬᠠᠭᠰᠠᠷᠠᠭᠠᠨ ᠤ ᠪᠠᠶᠢᠳᠠᠯ ᠬᠦᠨᠳᠦ ᠭᠡᠴᠡᠭᠦᠦ ᠠᠴᠠ ᠪᠤᠯᠵᠦ᠂ ᠮᠠᠯᠴᠢᠳ ᠤᠨ | ᠦᠢᠯᠡᠳᠪᠦᠷᠢᠯᠡᠯ ᠠᠮᠢᠳᠤᠷᠠᠯ ᠳᠤ ᠪᠠᠭ᠎ᠠ ᠪᠤᠰᠤ ᠨᠥᠯᠦᠭᠡ ᠪᠤᠯᠪᠠ᠃ ᠤᠳᠤᠬᠠᠨ ᠪᠤᠯᠳᠠᠯ᠎ᠠ᠂ ᠪᠦᠬᠦ ᠠᠶᠢᠮᠠᠭ ᠤᠨ 1. | 88 ᠳ᠋ᠦᠩᠰᠢᠭᠤᠷ ᠮᠤ᠋ ᠪᠡᠯᠴᠢᠭᠡᠷ᠂ 5.99 ᠲᠦᠮᠡᠨ ᠬᠦᠮᠦᠨ ᠠᠮᠠ᠂ 166 ᠲᠦᠮᠡᠨ ᠮᠠᠯ ᠤᠰᠤ ᠤᠮᠳᠠ ᠪᠠᠷ | ᠬᠤᠮᠰᠠᠳᠠᠵᠦ᠂ ᠡᠯ᠎ᠡ ᠭᠠᠵᠠᠷ ᠤᠷᠤᠨ ᠶᠠᠭ ᠢᠳᠡᠪᠬᠢᠲᠡᠢ ᠪᠠᠷ ᠤᠷᠢᠳᠴᠢᠯᠠᠨ ᠵᠠᠷᠤᠴᠠᠭᠤᠯᠬᠤ᠂ ᠬᠡᠰᠡᠭ ᠪᠦᠯᠦᠭ ᠢᠶᠠᠷ | ᠵᠠᠷᠤᠴᠠᠭᠤᠯᠬᠤ᠂ ᠭᠠᠩ ᠲᠠᠢ ᠲᠡᠮᠡᠴᠡᠵᠦ ᠪᠡᠯᠴᠢᠬᠡᠷ ᠤᠨ ᠲᠠᠷᠤᠯᠳᠠ ᠶᠢ ᠪᠠᠭᠠᠰᠬᠠᠬᠤ ᠵᠡᠷᠭᠡ ᠬᠡᠯᠪᠡᠷᠢ ᠪᠠᠷ ᠮᠠᠯ ᠤᠨ | ᠵᠠᠷᠤᠴᠠᠭᠤᠯᠤᠯᠲᠠ ᠶᠢᠨ ᠠᠵᠢᠯ ᠢ ᠴᠢᠩᠭᠠᠳᠬᠠᠵᠤ ᠪᠠᠶᠢᠨ᠎ᠠ᠃ ᠰᠢᠯᠢ ᠶᠢᠨ ᠬᠤᠲᠠ᠂ ᠰᠦᠨᠢᠳ ᠪᠠᠷᠠᠭᠤᠨ ᠬᠤᠰᠢᠭᠤ᠂ | ᠪᠠᠷᠠᠭᠤᠨ ᠦᠵᠦᠮᠦᠴᠢᠨ ᠬᠤᠰᠢᠭᠤ᠂ ᠬᠦᠪᠡᠭᠡᠲᠦ ᠰᠢᠷ᠎ᠡ ᠬᠤᠰᠢᠭᠤ ︽ᠪᠡᠯᠴᠢᠬᠡᠷᠯᠡᠬᠦᠯᠬᠦ + ᠪᠤᠷᠳᠤᠨ ᠲᠡᠵᠢᠬᠡᠬᠦ︾ | ᠬᠡᠯᠪᠡᠷᠢ ᠪᠠᠷ ᠤᠷᠢᠳᠴᠢᠯᠠᠨ ᠵᠠᠷᠤᠴᠠᠭᠤᠯᠬᠤ ᠶᠢ ᠠᠬᠢᠭᠤᠯᠵᠦ᠂ ᠵᠠᠰᠠᠭ ᠤᠨ ᠤᠷᠳᠤᠨ ᠨᠦᠬᠦᠪᠦᠷᠢ ᠮᠦᠩᠬᠦ ᠦᠭᠬᠦ ᠪᠠᠷ | ᠮᠠᠯᠴᠢᠨ ᠪᠠ ᠬᠤᠷᠰᠢᠶᠠᠵᠢᠯ ᠤᠨ ᠬᠤᠷᠠᠭ᠎ᠠ ᠪᠠᠨ ᠡᠷᠳᠡ ᠵᠠᠷᠤᠴᠠᠭᠤᠯᠵᠦ᠂ ᠲᠦᠷᠭᠡᠨ ᠵᠠᠷᠤᠴᠠᠭᠤᠯᠬᠤ ᠶᠢ ᠠᠬᠢᠭᠤᠯᠵᠦ᠂ | ᠪᠡᠯᠴᠢᠬᠡᠷ ᠤᠨ ᠲᠠᠷᠤᠯᠲᠠ ᠶᠢ ᠬᠦᠩᠭᠡᠯᠡᠵᠦ᠂ ᠮᠠᠯ ᠤᠨ ᠵᠠᠷᠤᠴᠠᠭᠤᠯᠤᠯᠲᠠ ᠶᠢᠨ ᠬᠤᠭᠤᠴᠠᠭ᠎ᠠ ᠶᠢ ᠤᠷᠳᠤᠳᠬᠠᠵᠦ | ᠪᠠᠶᠢᠨ᠎ᠠ᠃ | |