11 ᠳ᠋ᠤᠭᠡᠷ ᠰᠠᠷ᠎ᠠ ᠶᠢᠨ 1 ᠤ ᠡᠲᠥᠷ᠂ ᠠᠶᠢᠮᠠᠭ ᠤᠨ ᠨᠠᠮ ᠤᠨ ᠬᠤᠷᠢᠶ᠎ᠠ ᠰᠤᠷᠤᠯᠴᠠᠬᠤ ᠭᠤᠤᠯ ᠲᠤᠭᠤᠢᠢᠯᠠᠩ ᠤᠨ | 2016 ᠤᠨ ᠤ 21 ᠳ᠋ᠤᠭᠡᠷ ᠤᠲᠠᠭᠠᠨ ᠤ ᠲᠥᠪᠯᠡᠷᠡᠩᠭᠦᠢ ᠰᠤᠷᠤᠯᠴᠠᠯᠭ᠎ᠠ ᠡᠷᠬᠢᠯᠡᠵᠥ᠂ ᠨᠠᠮ ᠤᠨ ᠠᠷᠪᠠᠨ ᠨᠠᠢᠮᠠᠲᠤᠭᠠᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ᠂ ᠥᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠠᠯᠪᠠᠨ ᠲᠢᠩᠭᠢᠮ ᠤᠨ ︽ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠬᠤ | ᠲᠤᠬᠠᠢ ᠮᠡᠲᠡᠭᠲᠡᠯ︾ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ | ᠬᠤ᠋ ᠽᠠᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠥ᠂ ᠪᠥᠬᠦ ᠠᠶᠢᠮᠠᠭ ᠤᠨ ᠡᠯ᠎ᠠ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠪᠤᠯᠤᠨ ᠥᠷᠭᠡᠨ ᠤᠯᠠᠨ ᠨᠠᠮ ᠤᠨ ᠬᠡᠰᠢᠬᠦᠨ ᠺᠠᠳ᠋ᠷ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ | ᠲᠥᠪ ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠬᠥᠨᠵᠡᠭᠡᠢ ᠰᠤᠷᠤᠯᠴᠠᠨ ᠲᠤᠤᠱᠯᠠᠭᠤᠯᠵᠥ᠂ | ᠰᠢ ᠶᠢᠨ ᠫᠢᠡᠭ ᠶᠡᠷᠥᠩᠭᠡᠢ ᠱᠥᠵᠢ ᠶᠢᠨ ᠪᠥᠬᠦ ᠨᠠᠮ ᠤᠨ ᠤᠲᠤᠷᠢᠳᠬᠤ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ | ᠬᠥᠷᠢᠶᠡᠯᠡᠵᠥ᠂ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠥ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠰᠠᠭᠤᠷᠢ ᠶᠢ ᠪᠠᠲᠤ ᠴᠤᠭᠴᠠᠯᠠᠵᠥ᠂ ᠡᠯ᠎ᠠ ᠵᠥᠢᠯ ᠤᠨ ᠥᠢᠯᠡᠰ ᠤᠨ | ᠬᠥᠭᠵᠢᠯᠲᠡ ᠶᠢᠨ ᠰᠢᠨ᠎ᠠ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃ | ᠯᠥᠸᠧ ᠬᠤ᠋ ᠽᠠᠢ ᠵᠢᠭᠠᠬᠤ ᠳᠠᠭᠠᠨ᠂ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠬᠤ ᠭᠤᠤᠯ ᠲᠤᠭᠤᠢᠢᠯᠠᠩ ᠬᠡᠪ | ᠲᠠᠭᠤᠷᠢᠶᠠᠯ ᠪᠤᠯᠵᠥ᠂ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠥᠬᠦᠲᠠ | ᠬᠤᠷᠠᠯ ᠤᠨ ᠰᠢᠨ᠎ᠠ ᠰᠡᠳᠬᠢᠴᠡ ᠰᠢᠨ᠎ᠠ ᠤᠢᠢᠯᠠᠭᠠᠭᠲᠠᠬᠤᠨ ᠰᠢᠨ᠎ᠠ ᠱᠠᠭᠠᠷᠲᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠥ᠂ | ᠬᠥᠨᠵᠡᠭᠡᠢ ᠤᠢᠢᠯᠠᠭᠠᠵᠥ᠂ ᠤᠨᠤᠪᠴᠢᠲᠠᠢ ᠡᠵᠡᠮᠲᠡᠵᠥ᠂ ᠥᠵᠡᠯ ᠰᠠᠨᠠᠭᠠᠨ ᠤ ᠲᠠᠯ᠎ᠠ ᠠᠴᠠ ᠨᠠᠮ ᠢ ᠪᠥᠬᠦ ᠲᠠᠯ᠎ᠠ ᠪᠠᠷ | ᠴᠢᠩᠭ᠎ᠠ ᠵᠠᠰᠠᠬᠤ ᠢᠲᠡᠭᠡᠯ ᠢ ᠪᠠᠲᠤ ᠪᠤᠢ ᠪᠤᠯᠭᠠᠵᠥ᠂ ᠥᠢᠯᠡ ᠠᠵᠢᠯᠯᠠᠭᠠᠨ ᠤ ᠲᠠᠯ᠎ᠠ ᠪᠠᠷ ᠨᠠᠮ ᠢ ᠬᠠᠮᠢᠶᠠᠷᠬᠤ ᠨᠠᠮ ᠢ | ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠲᠠᠪᠤᠷᠢᠵᠢᠭᠤᠯᠵᠥ᠂ ᠨᠠᠮ ᠤᠨ ᠪᠠᠶᠢᠭᠤᠯᠤᠯᠲᠠ ᠶᠢᠨ | ᠰᠢᠨᠵᠢᠯᠡᠬᠦ ᠤᠬᠠᠭᠠᠨᠴᠢ ᠲᠥᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠥ᠂ ᠡᠯ᠎ᠠ ᠵᠥᠢᠯ ᠤᠨ ᠥᠢᠯᠡᠰ ᠤᠨ | ᠬᠥᠭᠵᠢᠯᠲᠠ ᠳᠤ ᠪᠠᠲᠤ ᠴᠢᠩᠭ᠎ᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠨᠭ᠍ᠭᠠᠬᠤ ᠬᠡᠷᠡᠭᠲᠡᠢ᠃ ᠲᠥᠪ ᠬᠤᠷᠢᠶ᠎ᠠ | ᠪᠤᠯᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠠᠭᠠᠷᠲᠠᠯᠭ᠎ᠠ ᠶᠤᠰᠤᠭᠠᠷ᠂ ᠰᠤᠷᠤᠯᠴᠠᠨ ᠤᠬᠠᠭᠤᠯᠬᠤ | ᠬᠠᠯᠠᠭᠤᠨ ᠥᠷᠨᠢᠯᠲᠡ ᠶᠢ ᠲᠥᠷᠭᠡᠨ ᠪᠤᠢ ᠪᠤᠯᠭᠠᠵᠥ᠂ ᠤᠬᠠᠭᠤᠯᠤᠨ ᠲᠠᠶᠢᠯᠪᠤᠷᠢᠯᠠᠬᠤ᠂ ᠬᠥᠮᠥᠵᠢᠯ ᠪᠤᠯᠪᠠᠰᠤᠷᠠᠯ ᠵᠡᠷᠭᠡ | ᠠᠵᠢᠯ ᠢ ᠨᠠᠷᠢᠨ ᠬᠥᠨᠵᠡᠭᠡᠢ ᠰᠠᠶᠢᠲᠤᠷ ᠠᠳᠬᠤᠵᠥ᠂ ᠥᠷᠭᠡᠨ ᠤᠯᠠᠨ ᠨᠠᠮ ᠤᠨ ᠬᠡᠰᠢᠬᠦᠨ ᠺᠠᠳ᠋ᠷ ᠤᠨ ᠥᠵᠡᠯ ᠰᠠᠨᠠᠭ᠎ᠠ | ᠪᠤᠯᠤᠨ ᠥᠢᠯᠡ ᠠᠵᠢᠯᠯᠠᠭ᠎ᠠ ᠶᠢ ᠪᠥᠬᠦᠲᠠ ᠬᠤᠷᠠᠯ ᠤᠨ ᠵᠤᠷᠢᠭ ᠰᠠᠨᠠᠭ᠎ᠠ ᠲᠡᠭᠡᠷ᠎ᠠ ᠨᠢᠭᠡᠳᠭᠡᠬᠦ ᠬᠡᠷᠡᠭᠲᠡᠢ ᠬᠡᠪᠡ᠃ | ᠬᠤᠷᠠᠯ ᠲᠡᠭᠡᠷ᠎ᠠ ︽ᠲᠦᠪ ᠠᠴᠠ ᠬᠠᠮᠢᠶᠠᠷᠴᠣ ᠪᠠᠶᠢᠭ᠎ᠠ ᠬᠡᠰᠡᠭ ᠺᠠᠳ᠋ᠷ ᠤᠨ ᠲᠦᠪ ᠤᠨ ᠨᠠᠢᠮᠠᠨ ᠲᠤᠬᠳᠠᠭᠠᠯ ᠤᠨ | ᠵᠤᠷᠢᠭ ᠰᠠᠨᠠᠭ᠎ᠠ ᠠᠴᠠ ᠵᠦᠷᠢᠴᠡᠭᠰᠡᠨ ᠠᠰᠠᠭᠤᠳᠠᠯ ᠪᠠ ᠰᠤᠷᠭᠠᠮᠵᠢ ᠰᠡᠷᠡᠮᠵᠢ ᠶᠢᠨ ᠲᠤᠬᠠᠢ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠦᠪ ᠬᠤᠷᠢᠶ᠎ᠠ ᠶᠢᠨ ᠵᠠᠷᠯᠠᠯ︾ ᠪᠤᠯᠤᠨ ︽ᠲᠠᠪᠤ ᠤᠲᠠᠭᠠᠨ ᠤ ᠰᠠᠬᠢᠯᠭ᠎ᠠ ᠪᠠᠲᠤ ᠬᠡᠷᠡᠭᠵᠢᠬᠦᠯᠬᠦ ᠶᠢ | ᠬᠢᠨᠠᠨ ᠪᠠᠶᠢᠴᠠᠭᠠᠬᠤ ᠲᠤᠮᠲᠠ ᠢᠯᠡᠷᠡᠬᠦᠯᠥᠭᠰᠡᠨ ᠲᠥᠪ ᠠᠴᠠ ᠬᠠᠮᠢᠶᠠᠷᠴᠥ ᠪᠠᠶᠢᠭ᠎ᠠ ᠺᠠᠳ᠋ᠷ ᠤᠨ ᠲᠥᠪ ᠤᠨ ᠨᠠᠢᠮᠠᠨ | ᠲᠤᠭᠲᠠᠭᠠᠯ ᠤᠨ ᠵᠤᠷᠢᠭ ᠰᠠᠨᠠᠭ᠎ᠠ ᠶᠢ ᠵᠥᠷᠢᠴᠡᠭᠰᠡᠨ ᠲᠤᠬᠠᠢ ᠳᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠵᠠᠷᠯᠠᠯ︾ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠯᠥᠸᠧ ᠬᠤ᠋ ᠽᠠᠢ ᠱᠠᠭᠠᠷᠲᠠᠬᠤ ᠳᠠᠭᠠᠨ᠂ ᠡᠯ᠎ᠠ ᠱᠠᠲᠤᠨ ᠤ ᠨᠠᠮ ᠤᠨ | ᠬᠡᠰᠢᠬᠦᠨ ᠤᠲᠤᠷᠢᠳᠬᠤ ᠺᠠᠳ᠋ᠷ ᠲᠥᠷᠢᠮ ᠲᠤᠭᠲᠠᠭᠠᠯ ᠰᠠᠬᠢᠯᠭ᠎ᠠ ᠪᠠᠲᠤ ᠶᠢ ᠥᠨᠡᠨᠬᠦ ᠴᠢᠩᠭ᠎ᠠ ᠰᠠᠬᠢᠵᠥ᠂ | ᠤᠬᠠᠮᠰᠠᠷ ᠠᠴᠠ ᠪᠠᠨ ᠢᠯᠵᠡᠷᠡᠯ ᠢ ᠬᠤᠷᠢᠭᠯᠠᠵᠥ᠂ ᠪᠠᠶ᠎ᠠ ᠪᠠᠨ ᠴᠢᠩᠭ᠎ᠠ ᠪᠠᠷᠢᠵᠥ᠂ ᠰᠢ ᠶᠢᠨ ᠫᠢᠡᠭ ᠶᠡᠷᠥᠩᠭᠡᠢ ᠱᠥᠵᠢ ᠪᠠᠷ | ᠭᠤᠤᠯᠯᠠᠭᠴᠢ ᠪᠤᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠢᠭᠲᠠᠷᠠᠨ ᠪᠥᠯᠬᠦᠮᠲᠠᠵᠥ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠭᠤᠶᠢᠪᠢᠰᠢ ᠥᠭᠡᠢ ᠠᠬᠢᠭᠤᠯᠵᠥ᠂ ᠲᠥᠪ ᠤᠨ ᠨᠠᠢᠮᠠᠨ ᠲᠤᠭᠲᠠᠭᠠᠯ ᠤᠨ ᠵᠤᠷᠢᠭ | ᠰᠠᠨᠠᠭ᠎ᠠ ᠶᠢ ᠥᠷᠬᠦᠯᠵᠢᠯᠡᠨ ᠡᠷᠡᠰ ᠭᠤᠶᠢᠪᠢᠰᠢ ᠥᠭᠡᠢ ᠬᠡᠷᠡᠭᠵᠢᠬᠦᠯᠵᠥ᠂ ᠠᠵᠢᠯ ᠤᠨ ᠡᠷᠴᠢᠮ ᠢᠶᠠᠨ ᠴᠢᠩᠭᠠᠷᠠᠭᠤᠯᠵᠥ᠂ | ᠨᠠᠮ ᠤᠨ ᠰᠤᠷᠲᠠᠯ ᠵᠠᠰᠠᠭ ᠤᠨ ᠰᠤᠷᠲᠠᠯ ᠤᠨ ᠥᠭᠡᠲᠡᠷᠭᠡᠭ ᠢᠲᠡᠪᠬᠢ ᠬᠡᠪ ᠪᠠᠶᠢᠲᠠᠯ ᠢ ᠦᠷᠬᠦᠯᠵᠢᠯᠡᠨ ᠪᠠᠳᠤᠯᠠᠬᠤ ᠬᠡᠷᠡᠭᠲᠡᠢ | ᠬᠡᠪᠡ᠃ | ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠠᠶᠢᠮᠠᠭ ᠤᠨ ᠱᠠᠲᠤᠨ ᠤ ᠤᠲᠤᠷᠢᠳᠬᠤ ᠺᠠᠳ᠋ᠷ᠂ ᠤᠨᠴᠠᠭᠠᠢᠢᠯᠠᠨ ᠨᠠᠮ | ᠵᠠᠰᠠᠭ ᠤᠨ ᠤᠲᠤᠷᠢᠳᠬᠤ ᠪᠠᠭ ᠤᠨ ᠬᠡᠰᠢᠬᠦᠳ ᠡᠷᠭᠡᠪᠰᠢ ᠴᠢᠩᠭ᠎ᠠ ᠲᠤᠯᠭᠠᠮ᠎ᠠ ᠬᠠᠷᠢᠭᠤᠴᠠᠯᠭᠠᠲᠤ ᠰᠡᠳᠬᠢᠯᠭᠡ ᠪᠠᠷ | ᠰᠢᠨᠲᠠᠷᠠᠰᠢ ᠥᠭᠡᠢ ᠤᠷᠤᠭᠰᠢᠯᠠᠨ ᠴᠢᠷᠮᠠᠶᠢᠵᠥ᠂ ᠬᠤᠪᠢᠳᠠᠨ ᠬᠠᠮᠢᠶᠠᠷᠴᠥ ᠪᠠᠶᠢᠭ᠎ᠠ ᠬᠥᠷᠢᠶ᠎ᠠ ᠬᠡᠪᠴᠢᠶ᠎ᠠ᠂ ᠰᠠᠯᠠᠭ᠎ᠠ | ᠮᠥᠴᠢᠷ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠤᠢᠢᠷ᠎ᠠ ᠶᠢᠨ ᠬᠤᠭᠤᠴᠠᠭᠠᠨ ᠳᠤ ᠬᠤᠰᠢᠭᠤ ᠰᠢᠶᠠᠨ ᠬᠤᠲᠠ ︵ | ᠤᠷᠤᠨ︶᠂ ᠬᠠᠷᠢᠯᠴᠠᠵᠤ ᠪᠠᠶᠢᠭ᠎ᠠ ᠭᠠᠵᠠᠷ ᠤᠷᠤᠨ᠂ ᠲᠠᠭᠠᠭᠠᠴᠢᠯᠠᠨ ᠬᠠᠷᠢᠯᠴᠠᠵᠥ ᠪᠠᠶᠢᠭ᠎ᠠ ᠭᠤᠤᠯᠲᠠᠯᠭ᠎ᠠ ᠲᠠᠢ ᠲᠥᠷᠥᠯ | ᠵᠥᠢᠯ ᠪᠤᠯᠤᠨ ᠠᠵᠤ ᠠᠬᠤᠢᠢᠯᠠᠯ᠂ ᠬᠠᠪᠰᠤᠷᠤᠨ ᠲᠡᠳᠬᠦᠵᠥ ᠪᠠᠶᠢᠭ᠎ᠠ ᠬᠥᠴᠢᠷᠲᠡᠯᠲᠡᠢ ᠡᠷᠥᠭᠡ ᠪᠠᠷ ᠬᠥᠨᠵᠡᠭᠡᠶᠢᠷᠡᠨ᠂ | ᠪᠠᠶᠢᠴᠠᠭᠠᠨ ᠰᠤᠲᠤᠯᠤᠯᠲᠠ ᠥᠷᠨᠢᠬᠦᠯᠵᠥ᠂ ᠠᠰᠠᠭᠤᠲᠠᠯ ᠢ ᠵᠤᠬᠢᠴᠠᠭᠤᠯᠤᠨ ᠰᠢᠢᠳᠪᠤᠷᠢᠯᠡᠵᠥ᠂ ᠪᠥᠬᠦ ᠵᠢᠯ ᠤᠨ ᠬᠠᠷᠠᠯᠲᠠ | ᠡᠬᠦᠷᠭᠡ ᠪᠠᠨ ᠪᠡᠶᠡᠯᠡᠬᠦᠯᠬᠦ ᠬᠡᠷᠡᠭᠲᠡᠢ ᠬᠡᠪᠡ᠃ | ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠬᠤ ᠭᠤᠤᠯ ᠲᠤᠭᠤᠢᠢᠯᠠᠩ ᠤᠨ ᠬᠡᠰᠢᠬᠦᠳ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠡᠳ᠋ ᠱᠥᠵᠢ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ ᠨᠢᠭᠡᠴᠡ ᠶᠢᠨ ᠲᠡᠳ᠋ | ᠲᠤᠰᠢᠶᠠᠯᠲᠠᠨ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠨᠠᠷᠢᠨ ᠪᠢᠴᠢᠭ ᠤᠨ ᠲᠠᠷᠤᠭ᠎ᠠ ᠬᠤᠷᠠᠯ ᠳᠤ ᠤᠷᠤᠯᠴᠠᠪᠠ ᠃ | | 11 ᠳ᠋ᠤᠭᠡᠷ ᠰᠠᠷ᠎ᠠ ᠶᠢᠨ 1 ᠤ ᠡᠲᠥᠷ᠂ ᠠᠶᠢᠮᠠᠭ ᠤᠨ ᠨᠠᠮ ᠤᠨ ᠬᠤᠷᠢᠶ᠎ᠠ ᠰᠤᠷᠤᠯᠴᠠᠬᠤ ᠭᠤᠤᠯ ᠲᠤᠭᠤᠢᠢᠯᠠᠩ ᠤᠨ | 2016 ᠤᠨ ᠤ 21 ᠳ᠋ᠤᠭᠡᠷ ᠤᠲᠠᠭᠠᠨ ᠤ ᠲᠥᠪᠯᠡᠷᠡᠩᠭᠦᠢ ᠰᠤᠷᠤᠯᠴᠠᠯᠭ᠎ᠠ ᠡᠷᠬᠢᠯᠡᠵᠥ᠂ ᠯᠥᠸᠧ ᠬᠤ᠋ ᠽᠠᠢ | ᠰᠤᠷᠤᠯᠴᠠᠯᠭ᠎ᠠ ᠶᠢ ᠡᠷᠬᠢᠯᠡᠵᠡᠢ | |