ᠮᠠᠨ ᠤ ᠠᠶᠢᠮᠠᠭ ᠡᠪᠦᠯ ᠬᠠᠪᠤᠷ ᠤᠨ ᠬᠤᠷᠠᠭ᠎ᠠ ᠶᠢ ᠤᠷᠢᠳᠴᠢᠯᠠᠨ ᠵᠠᠷᠤᠴᠠᠭᠤᠯᠵᠦ ᠮᠠᠯ ᠤᠨ ᠵᠠᠷᠤᠴᠠᠭᠤᠯᠤᠯᠲᠠ ᠶᠢᠨ ᠬᠤᠭᠤᠴᠠᠭ᠎ᠠ ᠶᠢ ᠤᠷᠳᠤᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2017/6/22
   ᠪᠦᠬᠦ ᠠᠶᠢᠮᠠᠭ ᠢᠶᠠᠷ ᠢᠶᠠᠨ ᠨᠢᠬᠡᠨᠲᠡ 9 ᠲᠦᠮᠡ  ᠭᠠᠷᠤᠢ ᠬᠤᠨᠢ ᠡᠳ᠋ᠰᠢᠬᠦᠯᠪᠡ      6 ᠳ᠋ᠤᠭᠠᠷ ᠰᠠᠷ᠎ᠡ ᠶᠢᠨ 18 ᠤ ᠦᠷᠯᠦᠬᠡ᠂ ᠬᠤᠨᠢ ᠲᠡᠭᠡᠬᠡᠭᠰᠡᠨ ᠲᠡᠷᠬᠡ ᠨᠦᠭᠦᠳ ᠳ᠋ᠠ ᠵᠤᠸᠠᠩ ᠶᠤᠸᠠᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠬᠦᠯᠤᠨ ᠪᠤᠯᠪᠠᠰᠤᠷᠠᠭᠤᠯᠬᠤ ᠵᠢᠱᠢᠶ᠎ᠡ ᠦᠵᠡᠬᠦᠯᠬᠦ ᠤᠷᠤᠨ ᠳᠤᠭᠤᠷᠢᠭ ᠲᠤ ᠬᠤᠶᠢᠨ᠎ᠡ ᠬᠤᠶᠢᠨ᠎ᠡ ᠠᠴᠠ ᠪᠠᠨ ᠤᠷᠤᠬᠤ ᠬᠠᠷᠠᠭᠳᠠᠨ᠎ᠠ᠃ ᠰᠤᠷᠪᠤᠯᠵᠢᠯᠠᠭᠴᠢ ᠡᠳ᠋ᠰᠢᠬᠦᠯᠬᠦ ᠲᠠᠰᠤᠭ ᠤᠨ ᠭᠠᠳᠠᠨ᠎ᠠ᠂ ᠦᠵᠦᠮᠦᠴᠢᠨ ᠬᠤᠨᠢᠨ ᠤ ᠨᠡᠶᠢᠬᠡᠮᠯᠢᠭ ᠤᠨ ᠬᠦᠷᠡᠯ 30 ᠭᠠᠷᠤᠢ ᠮᠠᠯᠴᠢᠨ ᠢᠶᠠᠨ ᠲᠠᠭᠠᠭᠤᠯᠤᠨ ᠲᠤᠭᠤᠷᠢᠨ ᠦᠵᠡᠵᠦ ᠪᠠᠶᠢᠬᠤ ᠲᠠᠢ ᠬᠠᠷᠭᠤᠯ᠎ᠠ᠃ ᠬᠦᠷᠡᠯ᠄ ︽ᠮᠠᠨ ᠤ ᠨᠠᠶᠢᠬᠡᠮᠯᠢᠭ ᠠᠶᠢᠮᠠᠭ ᠤᠨ 6 ᠳᠤᠮᠤ ᠤᠯᠠᠭᠠᠨ ᠢᠳᠡᠭᠡᠨ ᠤ ᠠᠵᠦ ᠠᠬᠤᠶᠢᠯᠠᠯ ᠲᠠᠢ ᠴᠦᠮ ᠬᠡᠷ᠎ᠠ ᠲᠤᠭᠳᠠᠵᠠᠢ᠂ 32 ᠲᠦᠮᠡᠨ ᠡᠪᠦᠯ ᠤᠨ ᠬᠤᠷᠠᠭ᠎ᠠ ᠪᠠ ᠬᠠᠪᠤᠷ ᠤᠨ ᠡᠷᠲᠡ ᠶᠢᠨ ᠬᠤᠷᠠᠭ᠎ᠠ ᠶᠢᠨ ᠵᠠᠬᠢᠶᠠᠯᠠᠭ᠎ᠠ ᠲᠠᠢ᠂ ᠳ᠋ᠠ ᠵᠤᠸᠠᠩ ᠶᠤᠸᠠᠨ ᠺᠤᠮᠫᠠᠨᠢ ᠪᠤᠯ ᠬᠠᠮᠤᠭ ᠤᠨ ᠤᠯᠠᠨ ᠵᠠᠬᠢᠶᠠᠯᠠᠭ᠎ᠠ ᠲᠠᠢ ᠨᠢᠬᠡ ᠨᠢ ᠪᠤᠯᠤᠨ᠎ᠠ︾ ᠬᠡᠵᠤ ᠬᠡᠯᠡᠯ᠎ᠡ᠃    ᠳ᠋ᠠ ᠵᠤᠸᠠᠩ ᠶᠤᠸᠠᠨ ᠺᠤᠮᠫᠠᠨᠢ 5 ᠳ᠋ᠤᠭᠠᠷ ᠰᠠᠷ᠎ᠡ ᠶᠢᠨ 22 ᠤᠨ ᠡᠳᠤᠷ ᠠᠴᠠ ᠲᠠᠷᠤᠢ ᠠᠯᠠᠵᠤ ᠨᠢᠳᠤᠯᠬᠦ ᠦᠢᠯᠡᠳᠪᠦᠷᠢᠯᠡᠯ ᠢᠶᠠᠨ ᠡᠬᠢᠯᠡᠬᠦᠯᠵᠦ᠂ ᠡᠳ᠋ᠰᠢᠬᠦᠯᠬᠦ ᠲᠠᠰᠤᠭ ᠤᠨ ᠡᠯ᠎ᠠ ᠵᠦᠢᠯ ᠤᠨ ᠠᠵᠢᠯ ᠡᠮᠬᠢ ᠵᠠᠮᠪᠠᠷᠠᠭ᠎ᠠ ᠲᠠᠢ ᠶᠠᠪᠤᠭᠳᠠᠵᠦ ᠪᠠᠶᠢᠨ᠎ᠠ᠃ ᠤᠳᠤᠬᠠᠨ ᠳᠤ᠂ ᠲᠤᠰ ᠠᠵᠦ ᠠᠬᠤᠶᠢᠯᠠᠯ ᠤᠨ ᠬᠤᠨᠢᠨ ᠮᠢᠬ᠎ᠠ ᠬᠤᠲᠠᠯᠳᠤᠨ ᠠᠪᠬᠤ ᠦᠨ᠎ᠡ ᠨᠢ ᠵᠢᠩ ᠪᠦᠷᠢ ᠳᠡᠭᠡᠨ 20 ᠲᠦᠭᠦᠷᠢᠭ᠂ ᠨᠢᠳᠤᠨᠤᠨ ᠠᠴᠠ 7.5 ᠲᠦᠭᠦᠷᠢᠭ ᠲᠡᠭᠡᠭᠰᠢᠯᠡᠵᠦ᠂ ᠨᠢᠬᠡᠨᠳᠡ 2 ᠲᠦᠮᠡ ᠭᠠᠷᠤᠢ ᠬᠤᠨᠢ ᠡᠳ᠋ᠰᠢᠬᠦᠯᠵᠦ᠂ ᠡᠳᠦᠷ ᠪᠦᠷᠢ ᠶᠢᠨ ᠠᠯᠠᠵᠤ ᠨᠢᠳᠤᠯᠬᠦ ᠬᠡᠮᠵᠢᠶ᠎ᠡ ᠨᠢ 1000 ᠠᠴᠠ 2000 ᠤᠷᠴᠢᠮ ᠪᠤᠯᠤᠨ᠎ᠠ᠃    ᠳ᠋ᠠ ᠵᠤᠸᠠᠩ ᠶᠤᠸᠠᠨ ᠺᠤᠮᠫᠠᠨᠢ ᠶᠢᠨ ᠶᠡᠷᠦᠩᠬᠡᠢ ᠲᠠᠭᠠᠭᠠᠮᠠᠯ ᠴᠧᠨ ᠰᠢ ᠯᠢᠶᠠᠩ᠄ ︽ᠥᠩᠬᠡᠷᠡᠭᠰᠡᠨ ᠳᠤ ᠮᠠᠯᠴᠢᠳ ᠮᠠᠯ ᠢᠶᠠᠨ ᠤᠯᠠᠩᠬᠢ ᠳᠠᠭᠠᠨ ᠨᠠᠮᠤᠷ ᠵᠠᠷᠤᠴᠠᠭᠤᠯᠳᠠᠭ ᠪᠠᠶᠢᠭᠰᠠᠨ᠂ ᠡᠨᠡ ᠵᠢᠯ ᠮᠠᠯ ᠤᠨ ᠵᠠᠷᠤᠴᠠᠭᠤᠯᠤᠯᠲᠠ ᠶᠢᠨ ᠠᠵᠢᠯ ᠵᠤᠨ ᠤ ᠡᠬᠢ ᠪᠠᠷ ᠡᠬᠢᠯᠡᠭᠰᠡᠨ ᠪᠦᠬᠡᠳ ᠡᠪᠦᠯ ᠤᠨ ᠵᠠᠷᠤᠴᠠᠭᠤᠯᠤᠯᠲᠠ ᠶᠢ ᠪᠠᠰᠠ 11 ᠳ᠋ᠤᠭᠡᠷ ᠰᠠᠷ᠎ᠡ ᠬᠦᠷᠲᠡᠯ᠎ᠡ ᠤᠷᠳᠤᠳᠬᠠᠬᠤ ᠲᠦᠯᠦᠪᠯᠡᠭᠡ ᠲᠠᠢ᠂ ᠢᠩᠬᠢᠬᠦ ᠪᠠᠷ ᠢᠶᠠᠨ ᠮᠠᠨ ᠤ ᠠᠶᠢᠮᠠᠭ ᠤᠨ ᠵᠠᠷᠤᠴᠠᠭᠤᠯᠤᠯᠲᠠ ᠶᠢᠨ ᠬᠤᠭᠤᠴᠠᠭ᠎ᠠ ᠬᠤᠶᠠᠷ ᠤᠯᠠᠷᠢᠯ ᠬᠠᠭᠠᠰ ᠪᠤᠯᠵᠦ᠂ ᠵᠠᠬ᠎ᠠ ᠲᠡᠯᠭᠡᠭᠦᠷ ᠲᠤ ᠪᠦᠬᠦ ᠤᠯᠠᠷᠢᠯ ᠳᠤ ᠲᠤᠭᠳᠠᠭᠤᠨ ᠬᠠᠨᠭ᠍ᠭᠠᠨ᠎ᠡ︾ ᠬᠡᠵᠦ ᠲᠠᠨᠢᠯᠴᠠᠭᠤᠯᠤᠯ᠎ᠠ᠃ ᠡᠨᠡ ᠵᠤᠨ ᠠᠴᠠ ᠨᠠᠰᠢ᠂ ᠮᠠᠨ ᠤ ᠠᠶᠢᠮᠠᠭ ᠤᠨ ᠡᠪᠦᠯ ᠤᠨ ᠬᠤᠷᠠᠭ᠎ᠠ ᠬᠠᠪᠤᠷ ᠤᠨ ᠡᠷᠳᠡ ᠶᠢᠨ ᠬᠤᠷᠠᠭ᠎ᠠ ᠶᠢᠨ ᠵᠠᠷᠤᠴᠠᠭᠤᠯᠤᠯᠲᠠ ᠨᠢᠬᠡᠨᠳᠡ ᠡᠬᠢᠯᠡᠵᠦ᠂ 6 ᠳ᠋ᠤᠭᠠᠷ ᠰᠠᠷ᠎ᠡ ᠶᠢᠨ 15 ᠪᠤᠯᠳᠠᠯ᠎ᠠ᠂ ᠪᠦᠬᠦ ᠠᠶᠢᠮᠠᠭ ᠤᠨ 4 ᠭᠠᠵᠠᠷ ᠤᠷᠤᠨ ᠤ 7 ᠤᠯᠠᠭᠠᠨ ᠢᠳᠡᠬᠡᠨ ᠤ ᠠᠵᠦ ᠠᠬᠤᠶᠢᠯᠠᠯ ᠦᠢᠯᠡᠳᠪᠦᠷᠢᠯᠡᠯ ᠢᠶᠠᠨ ᠡᠬᠢᠯᠡᠬᠦᠯᠵᠦ᠂ ᠨᠢᠬᠡᠨᠲᠡ 8.6 ᠲᠦᠮᠡᠨ ᠬᠤᠷᠠᠭ᠎ᠠ ᠡᠳ᠋ᠰᠢᠬᠦᠯᠵᠦ᠂ ᠡᠭᠦᠨ ᠳᠤ᠂ ᠰᠢᠯᠢ ᠶᠢᠨ ᠬᠤᠲᠠ ᠶᠢᠨ 2 ᠠᠵᠦ ᠠᠬᠤᠶᠢᠯᠠᠯ 4 ᠲᠦᠮᠡᠨ ᠬᠤᠷᠠᠭ᠎ᠠ᠂ ᠰᠦᠨᠢᠳ ᠪᠠᠷᠠᠭᠤᠨ ᠬᠤᠰᠢᠭᠤᠨ ᠤ 3 ᠠᠵᠦ ᠠᠬᠤᠶᠢᠯᠠᠯ 3.3 ᠲᠦᠮᠡᠨ ᠬᠤᠷᠠᠭ᠎ᠠ᠂ ᠠᠪᠠᠭ᠎ᠠ ᠬᠤᠰᠢᠭᠤᠨ ᠤ 1 ᠠᠵᠦ ᠠᠬᠤᠶᠢᠯᠠᠯ 1.1 ᠲᠦᠮᠡᠨ ᠬᠤᠷᠠᠭ᠎ᠠ᠂ ᠬᠦᠪᠡᠭᠡᠲᠦ ᠰᠢᠷ᠎ᠡ ᠬᠤᠰᠢᠭᠤᠨ ᠤ 1 ᠠᠵᠦ ᠠᠬᠤᠶᠢᠢᠯᠠᠯ 0.2 ᠲᠦᠮᠡᠨ ᠬᠤᠷᠠᠭ᠎ᠠ ᠡᠳ᠋ᠰᠢᠬᠦᠯᠪᠡ᠃ ᠬᠡᠩᠬᠦᠳᠡᠭ ᠤᠨ ᠦᠨ᠎ᠡ ᠨᠢ ᠵᠢᠩ ᠪᠦᠷᠢ ᠳᠡᠭᠡᠨ 19-21 ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ ᠪᠠᠭ᠎ᠠ ᠦᠨᠳᠦᠷ᠃    ᠤᠶᠢᠷ᠎ᠡ ᠶᠢᠨ ᠬᠤᠶᠠᠷ ᠵᠢᠯ᠂ ᠮᠠᠨ ᠤ ᠠᠶᠢᠮᠠᠭ ︽ᠬᠤᠨᠢ ᠶᠢ ᠴᠦᠬᠡᠴᠢᠯᠡᠵᠦ ᠦᠬᠡᠷ ᠮᠠᠯᠵᠢᠬᠤ︾ ᠶᠢ ᠲᠦᠷᠭᠡᠳᠭᠡᠨ ᠠᠬᠢᠭᠤᠯᠵᠦ᠂ ᠪᠦᠲᠦᠴᠡ ᠶᠢᠨ ᠲᠤᠬᠢᠷᠠᠭᠤᠯᠤᠯᠲᠠ ᠬᠢᠬᠦ ᠶᠢᠨ ᠬᠠᠮᠲᠦ ︽ᠪᠡᠯᠴᠢᠬᠡᠷᠯᠡᠬᠦᠯᠬᠦ + ᠪᠤᠷᠳᠤᠨ ᠲᠡᠵᠢᠬᠡᠭᠦ︾ ᠬᠡᠯᠪᠡᠷᠢ ᠪᠠᠷ ᠤᠷᠢᠳᠴᠢᠯᠠᠨ ᠵᠠᠷᠤᠴᠠᠭᠤᠯᠬᠤ᠂ ᠬᠡᠰᠡᠭ ᠪᠦᠯᠦᠭ ᠬᠤᠪᠢᠶᠠᠨ ᠵᠠᠷᠤᠴᠠᠭᠤᠯᠬᠤ ᠶᠢ ᠵᠤᠷᠢᠭᠵᠢᠭᠤᠯᠵᠠᠢ᠃ ᠤᠷᠢᠳᠴᠢᠯᠠᠨ ᠵᠠᠷᠤᠴᠠᠭᠤᠯᠬᠤ ᠶᠢ ᠵᠤᠷᠢᠭᠵᠢᠭᠤᠯᠬᠤ ᠶᠢᠨ ᠲᠤᠯᠠᠳᠠ᠂ ᠰᠢᠯᠢ ᠶᠢᠨ ᠬᠤᠲᠠ ᠶᠢᠨ ᠵᠠᠰᠠᠭ ᠤᠨ ᠤᠷᠳᠤᠨ ᠠᠴᠠ ᠮᠠᠯᠴᠢᠳ ᠲᠤ ᠬᠤᠨᠢ ᠪᠦᠷᠢ ᠳᠤ 60 ᠲᠦᠭᠦᠷᠢᠭ ᠤᠨ ᠨᠦᠬᠦᠪᠦᠷᠢ ᠤᠯᠭᠤᠵᠦ᠂ ᠪᠠᠷᠠᠭᠤᠨ ᠦᠵᠦᠮᠦᠴᠢᠨ ᠬᠤᠰᠢᠭᠤ ᠮᠠᠯᠴᠢᠳ ᠲᠤ ᠬᠤᠨᠢ ᠪᠤᠶᠢᠷᠢ ᠶᠢᠨ 100 ᠲᠦᠬᠦᠷᠢᠭ ᠤᠨ ᠨᠦᠬᠦᠪᠦᠷᠢ ᠤᠯᠭᠤᠵᠦ᠂ ᠪᠤᠰᠤᠳ ᠭᠠᠵᠠᠷ ᠤᠷᠤᠨ ᠪᠠᠰᠠ ᠵᠤᠬᠢᠬᠤ ᠠᠷᠭ᠎ᠠ ᠬᠡᠮᠵᠢᠶ᠎ᠠ ᠠᠪᠴᠦ ᠪᠤᠢ᠃    ᠡᠨᠡ ᠵᠢᠯ ᠤᠨ ᠲᠡᠭᠡᠷ᠎ᠡ ᠬᠠᠭᠠᠰ ᠵᠢᠯ᠂ ᠮᠠᠨ ᠤ ᠠᠶᠢᠮᠠᠭ ᠤᠨ ᠤᠯᠠᠩᠬᠢ ᠭᠠᠵᠠᠷ ᠤᠷᠤᠨ ᠬᠤᠷ᠎ᠠ ᠲᠤᠨᠤᠳᠠᠰᠤ ᠶᠢᠨ ᠬᠡᠮᠵᠢᠶ᠎ᠡ ᠪᠠᠭ᠎ᠠ᠂ ᠭᠠᠩ ᠬᠠᠭᠰᠠᠷᠠᠭᠠᠨ ᠤ ᠪᠠᠶᠢᠳᠠᠯ ᠬᠦᠨᠳᠦ ᠭᠡᠴᠡᠭᠦᠦ ᠠᠴᠠ ᠪᠤᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠪᠠᠭ᠎ᠠ ᠪᠤᠰᠤ ᠨᠥᠯᠦᠭᠡ ᠪᠤᠯᠪᠠ᠃ ᠤᠳᠤᠬᠠᠨ ᠪᠤᠯᠳᠠᠯ᠎ᠠ᠂ ᠪᠦᠬᠦ ᠠᠶᠢᠮᠠᠭ ᠤᠨ 1.88 ᠳ᠋ᠦᠩᠰᠢᠭᠤᠷ ᠮᠤ᠋ ᠪᠡᠯᠴᠢᠭᠡᠷ᠂ 5.99 ᠲᠦᠮᠡᠨ ᠬᠦᠮᠦᠨ ᠠᠮᠠ᠂ 166 ᠲᠦᠮᠡᠨ ᠮᠠᠯ ᠤᠰᠤ ᠤᠮᠳᠠ ᠪᠠᠷ ᠬᠤᠮᠰᠠᠳᠠᠵᠦ᠂ ᠡᠯ᠎ᠡ ᠭᠠᠵᠠᠷ ᠤᠷᠤᠨ ᠶᠠᠭ ᠢᠳᠡᠪᠬᠢᠲᠡᠢ ᠪᠠᠷ ᠤᠷᠢᠳᠴᠢᠯᠠᠨ ᠵᠠᠷᠤᠴᠠᠭᠤᠯᠬᠤ᠂ ᠬᠡᠰᠡᠭ ᠪᠦᠯᠦᠭ ᠢᠶᠠᠷ ᠵᠠᠷᠤᠴᠠᠭᠤᠯᠬᠤ᠂ ᠭᠠᠩ ᠲᠠᠢ ᠲᠡᠮᠡᠴᠡᠵᠦ ᠪᠡᠯᠴᠢᠬᠡᠷ ᠤᠨ ᠲᠠᠷᠤᠯᠳᠠ ᠶᠢ ᠪᠠᠭᠠᠰᠬᠠᠬᠤ ᠵᠡᠷᠭᠡ ᠬᠡᠯᠪᠡᠷᠢ ᠪᠠᠷ ᠮᠠᠯ ᠤᠨ ᠵᠠᠷᠤᠴᠠᠭᠤᠯᠤᠯᠲᠠ ᠶᠢᠨ ᠠᠵᠢᠯ ᠢ ᠴᠢᠩᠭᠠᠳᠬᠠᠵᠤ ᠪᠠᠶᠢᠨ᠎ᠠ᠃ ᠰᠢᠯᠢ ᠶᠢᠨ ᠬᠤᠲᠠ᠂ ᠰᠦᠨᠢᠳ ᠪᠠᠷᠠᠭᠤᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠬᠦᠪᠡᠭᠡᠲᠦ ᠰᠢᠷ᠎ᠡ ᠬᠤᠰᠢᠭᠤ ︽ᠪᠡᠯᠴᠢᠬᠡᠷᠯᠡᠬᠦᠯᠬᠦ + ᠪᠤᠷᠳᠤᠨ ᠲᠡᠵᠢᠬᠡᠬᠦ︾ ᠬᠡᠯᠪᠡᠷᠢ ᠪᠠᠷ ᠤᠷᠢᠳᠴᠢᠯᠠᠨ ᠵᠠᠷᠤᠴᠠᠭᠤᠯᠬᠤ ᠶᠢ ᠠᠬᠢᠭᠤᠯᠵᠦ᠂ ᠵᠠᠰᠠᠭ ᠤᠨ ᠤᠷᠳᠤᠨ ᠨᠦᠬᠦᠪᠦᠷᠢ ᠮᠦᠩᠬᠦ ᠦᠭᠬᠦ ᠪᠠᠷ ᠮᠠᠯᠴᠢᠨ ᠪᠠ ᠬᠤᠷᠰᠢᠶᠠᠵᠢᠯ ᠤᠨ ᠬᠤᠷᠠᠭ᠎ᠠ ᠪᠠᠨ ᠡᠷᠳᠡ ᠵᠠᠷᠤᠴᠠᠭᠤᠯᠵᠦ᠂ ᠲᠦᠷᠭᠡᠨ ᠵᠠᠷᠤᠴᠠᠭᠤᠯᠬᠤ ᠶᠢ ᠠᠬᠢᠭᠤᠯᠵᠦ᠂ ᠪᠡᠯᠴᠢᠬᠡᠷ ᠤᠨ ᠲᠠᠷᠤᠯᠲᠠ ᠶᠢ ᠬᠦᠩᠭᠡᠯᠡᠵᠦ᠂ ᠮᠠᠯ ᠤᠨ ᠵᠠᠷᠤᠴᠠᠭᠤᠯᠤᠯᠲᠠ ᠶᠢᠨ ᠬᠤᠭᠤᠴᠠᠭ᠎ᠠ ᠶᠢ ᠤᠷᠳᠤᠳᠬᠠᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号