ᠯᠦᠸᠧ ᠬᠤ᠋ ᠽᠠᠢ ᠲᠤᠯᠤᠨ ᠨᠤᠤᠷ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ — ᠲᠤᠮᠤ ᠶᠠᠪᠤᠳᠠᠯ ᠪᠤᠳᠠᠳᠤ ᠶᠠᠪᠤᠳᠠᠯ ᠪᠦᠲᠦᠭᠡᠬᠦ ᠪᠠᠷ ᠠᠵᠢᠯ ᠤᠨ ᠵᠢᠯᠤᠭᠤᠳᠤᠮᠵᠢ ᠪᠤᠯᠭᠠᠵᠤ ᠡᠯ᠎ᠡ ᠲᠥᠷᠥᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠲᠠᠢ ᠲᠥᠯᠥᠪᠵᠢᠭᠦᠯᠦᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2017/6/22
   12 ᠳ᠋ᠤᠭᠠᠷ ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠲᠤᠯᠤᠨ ᠨᠤᠤᠷ ᠰᠢᠶᠠᠨ ᠳᠤ ᠭᠦᠨᠵᠡᠭᠡᠶᠢᠷᠡᠵᠦ᠂ ᠲᠤᠮᠤ ᠳ᠋ᠠᠶᠢᠲ᠋ᠠ ᠶᠢᠨ ᠠᠵᠦ ᠦᠢᠯᠡᠰ ᠢ ᠭᠦᠭᠵᠢᠭᠦᠯᠭᠦ᠂ ᠬᠠᠭᠤᠴᠢᠨ ᠪᠠᠶᠢᠰᠢᠩᠳᠦ ᠲᠤᠭᠤᠷᠢᠭ ᠢ ᠦᠭᠡᠷᠡᠴᠢᠯᠡᠨ ᠵᠠᠰᠠᠬᠤ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠳᠤᠮᠤ ᠶᠠᠪᠤᠳᠠᠯ ᠪᠤᠳᠠᠳᠦ ᠶᠠᠪᠤᠳᠠᠯ ᠪᠦᠳᠦᠭᠡᠭᠦ ᠪᠠᠷ ᠠᠵᠢᠯ ᠤᠨ ᠵᠢᠯᠤᠭᠤᠳᠤᠮᠵᠢ ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠭᠳᠠᠭᠠᠭᠰᠠᠨ ᠠᠵᠢᠯ ᠤᠨ ᠰᠡᠳᠬᠢᠴᠡ ᠪᠤᠯᠤᠨ ᠬᠠᠷᠠᠯᠳᠠ ᠡᠭᠦᠷᠭᠡ ᠶᠢᠨ ᠲᠤᠭᠤᠷᠢᠨ ᠳᠤ᠂ ᠭᠦᠭᠵᠢᠯᠳᠡ ᠶᠢ ᠠᠬᠢᠭᠤᠯᠬᠤ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠦ᠂ ᠠᠵᠦ ᠠᠬᠤᠢ ᠶᠢᠨ ᠭᠦᠭᠵᠢᠯᠳᠡ᠂ ᠬᠤᠳᠠ ᠶᠢᠨ ᠪᠦᠳᠦᠭᠡᠨ ᠪᠠᠶᠢᠭᠤᠯᠤᠯᠳᠠ᠂ ᠠᠷᠠᠳ ᠤᠨ ᠠᠮᠢᠳᠦᠷᠠᠯ ᠤᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ ᠲᠦᠯᠦᠪᠵᠢᠭᠦᠯᠭᠦ ᠪᠠ ᠠᠬᠢᠭᠤᠯᠵᠦ᠂ ᠪᠦᠭᠦ ᠠᠶᠢᠮᠠᠭ ᠤᠨ ᠠᠵᠦ ᠠᠬᠤᠢ ᠨᠡᠶᠢᠭᠡᠮ ᠤᠨ ᠭᠦᠭᠵᠢᠯᠳᠡ ᠶᠢ ᠲᠠᠬᠢᠨᠳᠠ ᠰᠢᠨ᠎ᠠ ᠲᠦᠪᠰᠢᠨ ᠳᠤ ᠭᠦᠷᠭᠡᠭᠦ ᠭᠡᠷᠡᠭᠳᠠᠢ ᠭᠡᠪᠡ᠃        ᠯᠦᠸᠧ ᠬᠤ᠋ ᠽᠠᠢ ᠲᠤᠯᠤᠨ ᠨᠤᠤᠷ ᠰᠢᠶᠠᠨ ᠤ ᠶᠠᠭ ᠰᠠᠶᠢᠬᠠᠨ ᠪᠦᠳᠦᠭᠡᠨ ᠪᠠᠶᠢᠭᠤᠯᠵᠦ ᠪᠠᠶᠢᠭ᠎ᠠ ᠤᠯᠤᠰ ᠤᠨ ᠲᠡᠰ ᠤᠨ ᠲᠡᠦᠭᠡ ᠶᠢᠨ ᠲᠤᠷᠠᠰᠬᠠᠯᠳᠦ ᠵᠦᠢᠯ ᠢ ᠬᠠᠮᠠᠭᠠᠯᠠᠬᠤ ᠨᠢᠭᠡᠴᠡ ᠳᠤ ᠭᠦᠷᠴᠦ ᠪᠠᠶᠢᠴᠠᠭᠠᠨ ᠰᠤᠳᠤᠯᠤᠯᠳᠠ ᠬᠢᠪᠡ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠲᠤᠮᠤ ᠳ᠋ᠠᠶᠢᠲ᠋ᠠ ᠶᠢᠨ ᠠᠵᠦ ᠦᠢᠯᠡᠰ ᠢ ᠭᠦᠭᠵᠢᠭᠦᠯᠭᠦ ᠲᠠᠪᠠᠭᠤᠯᠢᠭ ᠪᠤᠯᠤᠨ ᠲᠠᠯᠳᠠ ᠭᠦᠴᠦᠨ ᠢ ᠭᠦᠢᠴᠡᠳ ᠲᠠᠨᠢᠵᠦ᠂ ᠲᠤᠮᠤ ᠳ᠋ᠠᠶᠢᠲ᠋ᠠ ᠶᠢ ᠠᠰᠢᠬᠯᠠᠨ ᠭᠤᠷᠪᠠᠨ ᠠᠵᠦ ᠦᠢᠯᠡᠰ ᠢ ᠠᠭᠤᠰᠤᠯᠴᠠᠭᠤᠯᠤᠨ ᠭᠦᠭᠵᠢᠭᠦᠯᠵᠦ᠂ ᠪᠦᠭᠦ ᠠᠶᠢᠮᠠᠭ ᠤᠨ ᠠᠵᠦ ᠠᠬᠤᠢ ᠨᠡᠶᠢᠭᠡᠮ ᠤᠨ ᠨᠡᠩ ᠲᠦᠷᠭᠡᠨ ᠭᠦᠭᠵᠢᠯᠳᠡ ᠶᠢ ᠠᠬᠢᠭᠤᠯᠬᠤ ᠭᠡᠷᠡᠭᠳᠠᠢ᠃ ᠡᠯ᠎ᠠ ᠱᠠᠳᠤᠨ ᠤ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠲᠤᠮᠤ ᠳ᠋ᠠᠶᠢᠲ᠋ᠠ ᠶᠢᠨ ᠮᠡᠷᠭᠡᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠦ᠂ ᠲᠤᠮᠤ ᠳ᠋ᠠᠶᠢᠲ᠋ᠠ ᠶᠢᠨ ᠭᠡᠷᠡᠭᠯᠡᠭᠡ ᠶᠢ ᠴᠢᠬᠤᠯᠠᠴᠢᠯᠠᠵᠦ᠂ ᠦᠷᠭᠡᠨ ᠢᠶᠠᠷ ᠠᠰᠢᠬᠯᠠᠵᠦ᠂ ᠲᠤᠮᠤ ᠳ᠋ᠠᠶᠢᠲ᠋ᠠ ᠶᠢᠨ ᠤᠶᠤᠨ ᠤ ᠲᠠᠪᠴᠠᠩ ᠢ ᠪᠠᠶᠢᠭᠤᠯᠵᠦ᠂ ᠲᠤᠮᠤ ᠳ᠋ᠠᠶᠢᠲ᠋ᠠ ᠶᠢᠨ ᠠᠵᠦ ᠦᠢᠯᠡᠰ ᠢ ᠲᠦᠷᠭᠡᠳᠭᠡᠨ ᠭᠦᠭᠵᠢᠭᠦᠯᠭᠦ ᠭᠡᠷᠡᠭᠳᠠᠢ ᠭᠡᠪᠡ᠃        ᠯᠦᠸᠧ ᠬᠤ᠋ ᠽᠠᠢ ᠲᠤᠯᠤᠨ ᠨᠤᠤᠷ ᠰᠢᠶᠠᠨ ᠤ ᠬᠠᠭᠤᠴᠢᠨ ᠪᠠᠶᠢᠰᠢᠩᠳᠦ ᠲᠤᠭᠤᠷᠢᠭ ᠢ ᠦᠭᠡᠷᠡᠴᠢᠯᠡᠨ ᠵᠠᠰᠠᠬᠤ ᠪᠤᠯᠤᠨ ᠬᠠᠭᠤᠴᠢᠨ ᠬᠤᠳᠠ ᠶᠢ ᠰᠡᠷᠭᠦᠭᠡᠨ ᠪᠠᠶᠢᠭᠤᠯᠬᠤ ᠠᠵᠢᠯ ᠢ ᠲᠦᠢᠯ ᠢᠶᠠᠷ ᠠᠩᠬᠠᠷᠴᠦ ᠪᠠᠶᠢᠪᠠ᠃ ᠲᠡᠷᠡ ᠵᠢᠭᠠᠬᠤ ᠳᠠᠭᠠᠨ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠷᠢᠳᠴᠢᠯᠠᠨ ᠲᠦᠯᠦᠪᠵᠢᠭᠦᠯᠵᠦ᠂ ᠲᠡᠦᠭᠡ ᠰᠤᠶᠤᠯ ᠢ ᠭᠦᠨᠳᠦᠳᠭᠡᠵᠦ᠂ ᠦᠨᠳᠦᠷ ᠶᠠᠰᠦ ᠴᠢᠨᠠᠷ᠂ ᠦᠨᠳᠦᠷ ᠬᠢᠷᠢ ᠲᠦᠪᠰᠢᠨ ᠢᠶᠠᠷ ᠬᠠᠭᠤᠴᠢᠨ ᠪᠠᠶᠢᠰᠢᠩᠳᠦ ᠲᠤᠭᠤᠷᠢᠭ ᠢ ᠦᠭᠡᠷᠡᠴᠢᠯᠡᠨ ᠵᠠᠰᠠᠬᠤ ᠪᠠ ᠬᠠᠭᠤᠴᠢᠨ ᠬᠤᠳᠠ ᠶᠢ ᠰᠡᠷᠭᠦᠭᠡᠨ ᠪᠠᠶᠢᠭᠤᠯᠬᠤ ᠡᠯ᠎ᠠ ᠲᠦᠷᠦᠯ ᠤᠨ ᠠᠵᠢᠯ ᠢ ᠠᠬᠢᠭᠤᠯᠬᠤ ᠭᠡᠷᠡᠭᠳᠠᠢ᠃ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ ᠦᠭᠡᠷᠡᠴᠢᠯᠡᠨ ᠵᠠᠰᠠᠵᠦ᠂ ᠵᠤᠷᠢᠬᠳᠠᠢ ᠪᠠᠷ ᠰᠢᠨ᠎ᠠ ᠶᠢ ᠡᠭᠦᠳᠴᠦ᠂ ᠤᠨᠴᠠᠯᠢᠬᠳᠦ ᠬᠤᠳᠠ ᠪᠠᠯᠭᠠᠰᠤᠨ ᠤ ᠭᠦᠭᠵᠢᠯᠳᠡ ᠳᠤ ᠠᠵᠦ ᠦᠢᠯᠡᠰ ᠤᠨ ᠪᠠᠳᠤᠯᠠᠭ᠎ᠠ ᠬᠠᠨᠭ᠍ᠭᠠᠬᠤ ᠭᠡᠷᠡᠭᠳᠠᠢ᠃ ᠠᠷᠠᠳ ᠲᠦᠮᠡᠨ ᠢᠶᠠᠷ ᠭᠤᠤᠯ ᠪᠤᠯᠭᠠᠭᠰᠠᠨ ᠭᠦᠭᠵᠢᠯᠳᠡ ᠶᠢᠨ ᠤᠢᠢᠯᠠᠭᠠᠬᠳᠠᠬᠤᠨ ᠢ ᠪᠤᠢ ᠪᠤᠯᠭᠠᠵᠦ᠂ ᠠᠵᠢᠯ ᠤᠨ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠰᠠᠶᠢᠳᠦᠷ ᠰᠢᠢᠳᠪᠦᠷᠢᠯᠡᠵᠦ᠂ ᠬᠠᠭᠤᠴᠢᠨ ᠪᠠᠶᠢᠰᠢᠩᠳᠦ ᠲᠤᠭᠤᠷᠢᠭ ᠢ ᠦᠭᠡᠷᠡᠴᠢᠯᠡᠨ ᠵᠠᠰᠠᠬᠤ ᠠᠵᠢᠯ ᠢ ᠯᠠᠪᠳᠠᠭᠤᠨ ᠠᠬᠢᠭᠤᠯᠵᠦ᠂ ᠤᠯᠠᠨ ᠲᠦᠮᠡᠨ ᠤ ᠰᠡᠳᠬᠢᠯ ᠬᠠᠨᠤᠮᠵᠢᠳᠠᠢ ᠢᠨᠵᠧᠨᠧᠷᠢᠩ ᠪᠤᠯᠭᠠᠬᠤ ᠭᠡᠷᠡᠭᠳᠠᠢ ᠭᠡᠪᠡ᠃        ᠯᠦᠸᠧ ᠬᠤ᠋ ᠽᠠᠢ ᠱᠠᠭᠠᠷᠳᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠪᠦᠭᠦ ᠵᠢᠯ ᠤᠨ ᠬᠠᠷᠠᠯᠳᠠ ᠡᠭᠦᠷᠭᠡ ᠪᠠᠨ ᠰᠠᠶᠢᠳᠦᠷ ᠪᠡᠶᠡᠯᠡᠭᠦᠯᠵᠦ᠂ ᠲᠤᠳᠠᠭᠤᠳᠠᠯ ᠢᠶᠠᠨ ᠨᠦᠬᠦᠪᠦᠷᠢᠯᠡᠵᠦ᠂ ᠴᠢᠷᠮᠠᠶᠢᠨ ᠠᠵᠢᠯᠯᠠᠬᠤ ᠭᠡᠷᠡᠭᠳᠠᠢ᠃ ᠴᠠᠭ ᠢ ᠵᠠᠪᠳᠤᠨ ᠢᠷᠡᠭᠦ ᠵᠢᠯ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠲᠦᠯᠦᠪᠵᠢᠭᠦᠯᠵᠦ᠂ ᠲᠦᠷᠦᠯ ᠵᠦᠢᠯ᠂ ᠠᠵᠦ ᠦᠢᠯᠡᠰ᠂ ᠰᠠᠭᠤᠷᠢ ᠲᠦᠭᠦᠭᠡᠷᠦᠮᠵᠢ᠂ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ ᠲᠡᠰ ᠲᠡᠪᠰᠢᠭᠦᠯᠵᠦ᠂ ᠭᠦᠴᠦᠯᠡᠨ ᠴᠢᠷᠮᠠᠶᠢᠬᠤ ᠭᠡᠷᠡᠭᠳᠠᠢ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠪᠤᠯᠤᠨ ᠡᠯ᠎ᠠ ᠱᠠᠳᠤᠨ ᠤ ᠤᠳᠤᠷᠢᠳᠬᠤ ᠺᠠᠳ᠋ᠷ ᠠᠵᠢᠯ ᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠦ᠂ ᠭᠦᠴᠢᠷ ᠪᠡᠷᠭᠡᠰᠢᠶᠡᠯ ᠢ ᠲᠤᠭᠤᠯᠤᠨ᠂ ᠢᠳᠡᠪᠬᠢᠳᠠᠢ ᠭᠦᠳᠡᠯᠦᠯᠴᠡᠵᠦ᠂ ᠴᠢᠩᠭ᠎ᠠ ᠠᠳᠬᠤᠨ ᠨᠠᠶᠢᠳᠠᠪᠤᠷᠢᠵᠢᠭᠤᠯᠵᠦ᠂ ᠢᠷᠡᠭᠦ ᠵᠢᠯ ᠤᠨ ᠡᠯ᠎ᠠ ᠲᠦᠷᠦᠯ ᠤᠨ
ᠠᠵᠢᠯ ᠤᠨ ᠰᠠᠶᠢᠨ ᠡᠬᠢᠯᠡᠯᠳᠡ ᠶᠢ ᠡᠭᠦᠳᠭᠦ ᠳᠤ ᠪᠠᠳᠦ ᠰᠠᠭᠤᠷᠢ ᠲᠠᠯᠪᠢᠬᠤ ᠭᠡᠷᠡᠭᠳᠠᠢ ᠭᠡᠪᠡ᠃
   ᠯᠥᠸᠧ ᠬᠤ᠋ ᠽᠠᠢ ᠳᠤᠯᠤᠨ ᠨᠤᠤᠷ ᠰᠢᠶᠠᠨ ᠳᠤ ᠪᠠᠶᠢᠭᠤᠯᠵᠤ ᠪᠠᠶᠢᠭ᠎ᠠ ᠲᠤᠮᠤ ᠳ᠋ᠠᠶᠢᠲ᠋ᠠ ᠶᠢᠨ ᠳᠡᠯᠭᠡᠨ ᠦᠵᠡᠭᠦᠯᠦᠯᠭᠡ  ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠤᠶᠢᠯᠭᠠᠵᠤ ᠪᠠᠶᠢᠭ᠎ᠠ ᠨᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号