7 ᠳ᠋ᠤᠭᠠᠷ ᠰᠠᠷ᠎ᠠ ᠶᠢᠨ 7 — 9 ᠤ ᠡᠳᠦᠷ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠮᠠᠨ ᠤ ᠠᠶᠢᠮᠠᠭ ᠲᠤ | ᠬᠦᠨᠵᠡᠭᠡᠶᠢᠷᠡᠨ ᠬᠢᠯᠢ ᠬᠢᠵᠠᠭᠠᠷ ᠤᠨ ᠬᠤᠰᠢᠭᠤ ᠰᠢᠶᠠᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠤᠶᠤᠯ ᠤᠨ | ᠦᠢᠯᠡᠴᠢᠯᠡᠭᠡ᠂ ᠰᠤᠶᠤᠯ ᠤᠨ ᠦᠢᠯᠡᠰ ᠤᠨ ᠭᠦᠭᠵᠢᠯᠲᠡ᠂ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠢ | ᠪᠠᠶᠢᠴᠠᠭᠠᠨ ᠰᠤᠳᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ ︽ | ᠲᠦᠷᠪᠡᠨ ᠤᠬᠠᠮᠰᠠᠷ︾ ᠢᠶᠠᠨ ᠲᠡᠭᠡᠭᠰᠢᠯᠡᠬᠦᠯᠵᠦ᠂ ᠬᠤᠲᠠ ᠬᠦᠳᠡᠭᠡ ᠶᠢ ᠪᠦᠷᠬᠦᠬᠦᠯᠦᠭᠰᠡᠨ ᠲᠦᠬᠦᠮ ᠪᠦᠳᠦᠮᠵᠢᠲᠠᠢ | ᠤᠯᠠᠨ ᠨᠠᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠦ᠂ ᠤᠯᠠᠨ ᠲᠦᠮᠡᠨ ᠳᠤ ᠨᠡᠩ | ᠰᠢᠯᠢᠳᠡᠭ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠬᠠᠩᠭᠠᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠦ | ᠰᠤᠶᠤᠯ ᠢ ᠤᠯᠠᠮᠵᠢᠯᠠᠨ ᠪᠠᠳᠠᠷᠠᠭᠤᠯᠵᠦ᠂ ᠰᠤᠶᠤᠯ ᠤᠨ ᠠᠵᠦ ᠦᠢᠯᠡᠰ ᠤᠨ ᠨᠡᠷᠡᠲᠦ ᠲᠡᠮᠳᠡᠭ ᠢ ᠬᠦᠭᠵᠢᠬᠦᠯᠵᠦ᠂ ᠴᠠᠭ | ᠦᠶ᠎ᠡ ᠶᠢᠨ ᠱᠠᠭᠠᠷᠳᠠᠯᠭ᠎ᠠ ᠶᠢ ᠲᠠᠭᠠᠵᠦ᠂ ᠰᠢᠨ᠎ᠠ ᠪᠠᠶᠢᠳᠠᠯ ᠲᠤᠤᠷᠠᠬᠢ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ | ᠠᠵᠢᠯ ᠢ ᠯᠠᠪᠳᠠᠭᠤᠨ ᠠᠬᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠤᠳᠤᠬᠢᠴᠢᠯᠠᠭᠰᠠᠨ | ᠰᠢᠯᠢ ᠶᠢᠨ ᠭᠤᠤᠯ ᠢ ᠪᠦᠲᠦᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠳᠦ ᠰᠠᠶᠢᠬᠠᠨ | ᠦᠵᠡᠮᠵᠢ ᠶᠢᠨ ᠤᠷᠤᠨ ᠢ ᠪᠠᠶᠢᠭᠤᠯᠬᠤ ᠳᠤ ᠬᠦᠴᠦᠷᠭᠡᠭ ᠶᠡᠭᠡ ᠤᠶᠤᠨ ᠰᠠᠨᠠᠭᠠᠠ ᠤ ᠬᠦᠴᠦᠨ ᠢ ᠨᠢᠭᠳᠠᠷᠠᠭᠤᠯᠬᠤ | ᠭᠡᠷᠡᠭᠲᠡᠢ ᠬᠡᠵᠦ ᠴᠢᠬᠤᠯᠠᠴᠢᠯᠠᠪᠠ᠃ | ᠪᠠᠢ ᠢᠤᠢ ᠭᠠᠩ ᠤᠷᠢᠳ ᠬᠤᠵᠢᠳ ᠰᠢᠯᠤᠭᠤᠨ ᠬᠦᠬᠡ ᠬᠤᠰᠢᠭᠤᠨ ᠤ ᠬᠤᠪᠢᠯᠠᠢ ᠺᠢᠨᠣ᠋ ᠲᠧᠯᠸᠢᠰ ᠤᠨ | ᠰᠠᠭᠤᠷᠢᠨ ᠭᠠᠵᠠᠷ᠂ ᠠᠪᠠᠭ᠎ᠠ ᠬᠤᠰᠢᠭᠤᠨ ᠤ ᠪᠠᠶᠠᠨᠲᠤᠭ ᠰᠤᠮᠤᠨ ᠤ ᠪᠠᠶᠠᠨᠲᠤᠭ ᠭᠠᠴᠠᠭ᠎ᠠ᠂ ᠨᠤᠮᠤᠬᠠᠨ | ᠭᠠᠴᠠᠭ᠎ᠠ ᠶᠢᠨ ᠬᠡᠰᠡᠭ ᠮᠠᠯᠴᠢᠨ ᠡᠷᠦᠬᠡ᠂ ᠠᠪᠠᠭ᠎ᠠ ᠬᠤᠰᠢᠭᠤᠨ ᠤ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ | ᠦᠵᠡᠯᠲᠡ ᠶᠢᠨ ᠭᠤᠤᠯ ᠰᠡᠳᠦᠪᠲᠦ ᠠᠭᠤᠳᠠᠮ ᠲᠠᠯᠠᠪᠠᠢ᠂ ᠪᠡᠯᠬᠦᠳᠡᠢ ᠪᠠᠯᠭᠠᠰᠤ ᠶᠢᠨ ᠪᠠᠶᠠᠨᠪᠢᠯᠢᠭ᠍ᠲᠦ ᠭᠠᠴᠠᠭᠠᠨ ᠤ | ᠨᠠᠮ ᠤᠨ ᠬᠡᠰᠢᠬᠦᠨ ᠭᠤᠤᠯᠯᠠᠬᠤ ᠡᠷᠦᠬᠡ ᠲᠡᠮᠦᠷ ᠤᠨ ᠬᠢ᠂ ᠰᠢᠯᠢ ᠶᠢᠨ ᠭᠤᠤᠯ ᠤᠨ ᠡᠳᠦᠷ ᠤᠨ ᠰᠤᠨᠢᠨ ᠤ ᠬᠤᠷᠢᠶ᠎ᠠ᠂ | ᠰᠢᠯᠢ ᠶᠢᠨ ᠬᠤᠲᠠ ᠶᠢᠨ ᠲᠠᠪᠰᠢᠯᠲᠠ ᠨᠡᠶᠢᠬᠡᠮ ᠲᠤᠭᠤᠷᠢᠭ᠂ ᠰᠢᠯᠢ ᠶᠢᠨ ᠭᠤᠤᠯ ᠤᠨ ᠷᠠᠳᠢᠣ᠋ ᠲᠧᠯᠸᠢᠰ ᠬᠤᠷᠢᠶ᠎ᠠ᠂ | ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ | ᠬᠢᠪᠡ᠃ | ᠪᠠᠢ ᠢᠤᠢ ᠭᠠᠩ ᠴᠢᠬᠤᠯᠠᠴᠢᠯᠠᠬᠤ ᠳᠠᠭᠠᠨ᠂ ᠦᠨᠳᠦᠰᠦᠨ ᠱᠠᠲᠤᠨ ᠤ ᠤᠯᠠᠨ ᠨᠠᠶᠢᠲᠠ ᠶᠢᠨ ᠰᠤᠶᠤᠯ ᠤᠨ | ᠦᠢᠯᠡᠴᠢᠯᠡᠭᠡ ᠶᠢ ᠦᠨᠡᠨᠬᠦ ᠲᠡᠭᠡᠭᠰᠢᠯᠡᠬᠦᠯᠵᠦ᠂ ᠤᠨᠴᠠᠭᠠᠢᠢᠯᠠᠨ ᠬᠢᠯᠢ ᠬᠢᠵᠠᠭᠠᠷ ᠤᠷᠤᠨ ᠤ ᠰᠤᠶᠤᠯ ᠪᠠ ᠶᠠᠷᠢᠶ᠎ᠠ | ᠬᠡᠯᠡᠯᠴᠡᠭᠡ ᠤᠬᠠᠭᠤᠯᠭ᠎ᠠ ᠶᠢᠨ ᠰᠠᠭᠤᠷᠢᠨ ᠤ ᠬᠠᠮᠢᠶᠠᠷᠤᠯᠳᠠ ᠪᠠᠨ ᠴᠢᠩᠭᠠᠳᠬᠠᠵᠦ᠂ ᠶᠠᠷᠢᠶ᠎ᠠ ᠬᠡᠯᠡᠯᠴᠡᠭᠡᠨ ᠤ ᠵᠦᠪ | ᠵᠢᠯᠤᠭᠤᠳᠤᠮᠵᠢ ᠶᠢ ᠪᠠᠷᠢᠮᠳᠠᠯᠠᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠤᠶᠤᠯ ᠤᠨ ᠪᠦᠲᠦᠭᠡᠭᠳᠡᠬᠦᠨ ᠪᠠ | ᠦᠢᠯᠡᠴᠢᠯᠡᠭᠡ ᠶᠢ ᠪᠠᠶᠠᠯᠢᠭᠵᠢᠭᠤᠯᠵᠦ᠂ ᠦᠨᠳᠦᠰᠦᠳᠡᠨ ᠤ ᠰᠢᠯᠢᠳᠡᠭ ᠰᠤᠶᠤᠯ ᠤᠨ ᠤᠯᠠᠮᠵᠢᠯᠠᠯ ᠢ ᠤᠯᠠᠮᠵᠢᠯᠠᠨ | ᠪᠠᠳᠠᠷᠠᠭᠤᠯᠵᠦ᠂ ᠭᠠᠵᠠᠷ ᠤᠷᠤᠨ ᠤ ᠤᠨᠴᠠᠯᠢᠬᠲᠤ ᠰᠤᠶᠤᠯ ᠤᠨ ᠡᠬᠢ ᠪᠠᠶᠠᠯᠢᠭ ᠲᠤ ᠲᠦᠰᠢᠭᠯᠡᠨ ᠰᠤᠶᠤᠯ ᠤᠨ | ᠭᠦᠭᠵᠢᠯᠲᠠ ᠪᠠ ᠰᠤᠶᠤᠯ ᠵᠤᠭᠠᠴᠠᠯ ᠤᠨ ᠠᠵᠦ ᠦᠢᠯᠡᠰ ᠢ ᠠᠭᠤᠰᠤᠯᠴᠠᠭᠤᠯᠤᠨ ᠭᠦᠭᠵᠢᠬᠦᠯᠵᠦ᠂ ᠰᠤᠶᠤᠯ | ᠵᠤᠭᠠᠴᠠᠯ ᠤᠨ ᠦᠢᠯᠡᠰ ᠢ ᠤᠯᠤᠰ ᠠᠷᠠᠳ ᠤᠨ ᠲᠤᠯᠭᠠᠭᠤᠷᠢᠯᠠᠯ ᠠᠵᠦ ᠦᠢᠯᠡᠰ ᠪᠤᠯᠭᠠᠨ ᠭᠦᠭᠵᠢᠬᠦᠯᠬᠦ ᠬᠡᠷᠡᠭᠲᠡᠢ᠃ | ᠡᠷᠬᠡᠪᠰᠢ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠬᠦᠷᠭᠡ ᠬᠠᠷᠢᠭᠤᠴᠠᠯᠭ᠎ᠠ ᠪᠠᠨ | ᠴᠢᠩᠭᠠᠳᠬᠠᠨ᠂ ᠭᠤᠤᠯ ᠶᠠᠷᠢᠶ᠎ᠠ ᠬᠡᠯᠡᠯᠴᠡᠭᠡ ᠶᠢ ᠪᠤᠵᠠᠭᠠᠢᠢᠷᠠᠭᠤᠯᠵᠦ᠂ ᠵᠡᠭᠤᠴᠢᠯᠠᠭᠤᠷ ᠤᠨ ᠲᠠᠮᠵᠢᠭᠤᠯᠬᠤ ᠬᠡᠯᠪᠡᠷᠢ ᠶᠢ | ᠰᠢᠨᠡᠴᠢᠯᠡᠵᠦ᠂ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠰᠢᠨ᠎ᠠ ᠪᠠᠶᠢᠳᠠᠯ ᠢ ᠪᠤᠢ ᠪᠤᠯᠭᠠᠬᠤ ᠬᠡᠷᠡᠭᠲᠡᠢ | ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠰᠡᠴᠡᠨᠪᠢᠯᠢᠭ᠂ ᠬᠠᠮᠢᠶ᠎ᠠ | ᠪᠦᠬᠦᠢ ᠬᠤᠰᠢᠭᠤ ᠰᠢᠶᠠᠨ ᠬᠤᠲᠠ ᠶᠢᠨ ᠭᠤᠤᠯ ᠬᠠᠷᠢᠭᠤᠴᠠᠯᠭᠠᠳᠠᠨ ᠪᠠᠶᠢᠴᠠᠭᠠᠨ ᠰᠤᠳᠤᠯᠬᠤ ᠳᠤ ᠪᠠᠷ᠎ᠠ ᠪᠤᠯᠵᠠᠢ᠃ |