ᠦᠵᠡᠰᠭᠦᠯᠡᠩᠳᠦ ᠰᠠᠶᠢᠬᠠᠨ ᠳᠠᠯ᠎ᠠ ᠨᠤᠳᠤᠭ ᠲᠤ ᠬᠤᠷᠠᠨ ᠴᠤᠭᠯᠠᠷᠠᠵᠤ ᠦᠨᠳᠦᠰᠦᠳᠠᠨ ᠤ ᠦᠪᠡᠳᠡᠭᠰᠢ ᠴᠤᠬᠯᠠᠭᠠᠨ ᠢᠶᠠᠨ ᠬᠠᠮᠳᠤᠪᠡᠷ ᠪᠡᠯᠭᠡᠯᠡᠨ᠎ᠠ
ᠨᠡᠶᠢᠲᠡᠯᠡᠭᠰᠡᠨ ᠴᠠᠭ᠄
2017/7/18
   ︽ᠥᠪᠥᠷ ᠮᠤᠩᠭᠤᠯ ᠤᠨ ᠡᠳᠦᠷ ᠤᠨ ᠰᠤᠨᠢᠨ︾᠎ ᠤ ᠮᠡᠳᠡᠭᠡᠯᠡᠭᠰᠡᠨ ᠢᠶᠠᠷ ᠳᠠᠯ᠎ᠠ ᠨᠤᠳᠤᠭ ᠬᠤᠯᠠ ᠶᠢᠨ ᠵᠤᠴᠢᠨ ᠢᠶᠠᠨ ᠡᠷᠭᠢᠮᠰᠦᠭᠯᠡᠨ ᠤᠬᠳᠤᠵᠤ᠂ ᠦᠪᠡᠳᠡᠭᠰᠢ ᠴᠤᠭᠯᠠᠭᠠᠨ ᠡᠬᠡ ᠤᠯᠤᠰ ᠢᠶᠠᠨ ᠪᠠᠭ᠋ᠠᠳᠤᠨ ᠳᠠᠭᠤᠯᠠᠨ᠎ᠠ᠃ 7 ᠳ᠋ᠤᠭᠠᠷ ᠰᠠᠷ᠎ᠠ ᠶᠢᠨ 12᠎ ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠴᠦᠭᠡᠨ ᠳᠤᠭᠠᠳᠦ ᠦᠨᠳᠦᠰᠦᠳᠠᠨ ᠤ ᠤᠯᠠᠮᠵᠢᠯᠠᠯᠳᠦ ᠪᠡᠶ᠎ᠠ ᠶᠢᠨ ᠳᠠᠮᠢᠷ ᠤᠨ ᠴᠤᠭᠯᠠᠭᠠᠨ ᠭᠦᠯᠦᠨ ᠪᠤᠶᠢᠷ ᠬᠤᠳᠠ ᠶᠢᠨ ᠰᠢᠨ᠎ᠠ ᠳᠤᠭᠤᠷᠢᠭ ᠤᠨ ᠳᠠᠮᠢᠷ ᠤᠨ ᠳᠠᠯᠠᠪᠠᠢ ᠳᠤ ᠦᠪᠡᠳᠡᠭᠰᠢ ᠶᠡᠭᠡᠪᠡᠷ ᠡᠭᠢᠯᠡᠪᠡ᠃        ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠠᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠭᠢᠯᠡᠭᠴᠢ ᠬᠤᠷᠴᠠ᠂ ᠦᠪᠡᠷᠳᠡᠭᠡᠨ ᠵᠠᠰᠠᠬᠤ ᠤᠷᠤᠨ ᠤ ᠳᠠᠳ᠋ ᠳᠠᠷᠢᠭᠦᠯᠡᠭᠴᠢ ᠯᠢᠦ ᠰᠢᠨ ᠯᠧ ᠡᠭᠢᠯᠡᠯᠳᠠ ᠶᠢᠨ ᠶᠤᠰᠤᠯᠠᠯ ᠳᠤ ᠤᠷᠤᠯᠴᠠᠪᠠ᠃        ᠦᠳᠠ ᠶᠢᠨ ᠬᠤᠶᠢᠨ᠎ᠠ ᠶᠢᠨ 15 ᠴᠠᠭ ᠲᠤ᠂ ᠡᠭᠢᠯᠡᠯᠳᠠ ᠶᠢᠨ ᠶᠤᠰᠤᠯᠠᠯ ᠵᠢᠩᠭᠢᠨᠢ ᠪᠠᠷ ᠡᠭᠢᠯᠡᠪᠡ᠃ 12 ᠠᠶᠢᠮᠠᠭ ᠬᠤᠳᠠ ᠶᠢᠨ ᠪᠡᠶ᠎ᠡ ᠶᠢᠨ ᠳᠠᠮᠢᠷ ᠤᠨ ᠳᠦᠯᠦᠭᠡᠯᠡᠭᠴᠢᠳ ᠤᠨ ᠪᠦᠯᠭᠦᠮ ᠦᠨᠳᠦᠰᠦᠳᠠᠨ ᠤ ᠵᠠᠰᠠᠯ ᠢᠶᠠᠷ ᠢᠶᠠᠨ ᠭᠤᠶᠤᠯᠠᠨ᠂ ᠴᠤᠭ ᠰᠦᠯᠳᠠ ᠪᠠᠳᠠᠷᠠᠩᠭᠤᠢ ᠪᠠᠷ ᠳᠠᠯᠠᠪᠠᠢ ᠳᠤ ᠤᠷᠤᠵᠠᠭᠠᠯ᠎ᠠ᠃ ᠳᠠᠳᠠᠨᠠᠷ ᠤᠷᠤᠯᠳᠤᠭᠠᠨ ᠤ ᠳᠠᠯᠠᠪᠠᠢ ᠳᠡᠭᠡᠷ᠎ᠠ ᠭᠦᠴᠦᠨ ᠴᠢᠳᠠᠯ ᠢᠶᠠᠨ ᠰᠢᠪᠬᠠᠨ᠂ ᠦᠨᠳᠦᠰᠦᠳᠠᠨ ᠨᠦᠭᠦᠳ ᠤᠨ ᠤᠯᠠᠨ ᠳᠦᠮᠠᠨ ᠤ ᠡᠷᠡᠯᠭᠡᠭᠯᠡᠨ ᠳᠠᠪᠰᠢᠬᠤ ᠵᠤᠷᠢᠭ ᠰᠠᠨᠠᠭᠠᠨ ᠤ ᠳᠦᠷᠢ ᠳᠦᠷᠭᠦ ᠶᠢ ᠬᠠᠷᠠᠭᠤᠯᠤᠨ᠎ᠠ᠃ 15 ᠴᠠᠭ 40 ᠮᠢᠨᠦ᠋ᠲ ᠲᠤ᠂ ᠪᠦ᠋ ᠰᠢᠶᠤᠤ ᠯᠢᠨ ᠳᠠᠮᠢᠷ ᠤᠨ ᠴᠤᠭᠯᠠᠭᠠᠨ ᠡᠭᠢᠯᠡᠭᠰᠡᠨ ᠢ ᠵᠠᠷᠯᠠᠯ᠎ᠠ᠃ ᠳᠠᠷᠠᠭᠡᠨ ᠮᠦᠴᠠ ᠳᠤ᠂ ᠡᠩᠭᠡ ᠳᠠᠶᠢᠪᠤᠡᠭ ᠤᠨ ᠴᠠᠭᠠᠨ ᠳᠠᠭᠳᠠᠭ᠎ᠠ ᠪᠤᠯᠤᠨ ᠭᠡᠶᠢᠳᠦ ᠪᠦᠮᠪᠦᠭᠡ ᠤᠭᠳᠠᠷᠭᠤᠢ ᠪᠦᠷᠭᠦᠨ ᠨᠢᠰᠴᠤ᠂ ᠠᠯᠠᠭ᠎ᠠ ᠳᠠᠰᠢᠯᠳᠠ᠂ ᠤᠤᠬᠠᠢᠢᠯᠠᠯ ᠬᠠᠰᠭᠢᠷᠤᠯ ᠤᠨ ᠳᠠᠭᠤᠨ ᠳᠠᠯᠠᠪᠠᠢ ᠳᠦᠭᠦᠷᠡᠩ ᠴᠠᠯᠭᠢᠯᠠᠵᠤ᠂ ᠰᠦᠷᠯᠢᠭ ᠶᠡᠭᠡᠮᠰᠦᠭ ᠤᠯᠤᠰ ᠤᠨ ᠰᠦᠯᠳᠡ ᠳᠠᠭᠤᠨ ᠳᠤ ᠳᠠᠪᠤᠨ ᠤᠳᠤᠳᠤ ᠤᠯᠠᠭᠠᠨ ᠳᠤᠭ ᠠᠯᠭᠤᠷᠬᠠᠨ ᠮᠠᠨᠳᠤᠯ᠎ᠠ᠃ ᠳᠠᠷᠠᠭ᠎ᠠ ᠨᠢ ᠦᠪᠡᠷᠳᠡᠭᠡᠨ ᠵᠠᠰᠠᠬᠤ ᠤᠷᠤᠨ ᠤ ᠴᠦᠭᠡᠨ ᠳᠤᠭᠠᠳᠦ ᠦᠨᠳᠦᠰᠦᠳᠠᠨ ᠤ ᠤᠯᠠᠮᠵᠢᠯᠠᠯᠳᠦ ᠪᠡᠶ᠎ᠠ ᠶᠢᠨ ᠳᠠᠮᠢᠷ ᠤᠨ ᠴᠤᠭᠯᠠᠭᠠᠨ ᠤ ᠳᠤᠭ ᠢ ᠳᠠᠯᠠᠪᠠᠢ ᠳᠤ ᠮᠠᠨᠳᠤᠭᠤᠯᠵᠠᠢ᠃ ᠡᠭᠢᠯᠡᠯᠳᠠ ᠶᠢᠨ ᠶᠤᠰᠤᠯᠠᠯ ᠳᠠᠭᠤᠰᠤᠭᠰᠠᠨ ᠤ ᠳᠠᠷᠠᠭ᠎ᠠ᠂ ᠳᠠᠯ᠎ᠠ ᠨᠤᠳᠤᠭ ᠤᠨ ᠦᠨᠳᠦᠰᠦᠳᠠᠨ ᠤ ᠰᠤᠶᠤᠯ ᠢ ᠳᠠᠯᠭᠡᠨ ᠦᠵᠡᠭᠦᠯᠦᠭᠰᠡᠨ ᠭᠤᠴᠤ ᠰᠠᠶᠢᠬᠠᠨ ᠤᠷᠠᠯᠢᠭ ᠤᠨ ᠳᠤᠭᠯᠠᠯᠳᠠ ᠭᠦᠰᠢᠭᠡ ᠪᠠᠨ ᠢᠷᠠᠭᠰᠠᠠ ᠪᠠᠶᠢᠨ᠎ᠠ ᠃ ᠤᠷᠠᠯᠢᠭ ᠤᠨ ᠳᠤᠭᠯᠠᠯᠳᠠ ᠨᠢ ᠳᠠᠪᠤᠨ ᠶᠡᠭᠡ ᠪᠦ᠋ᠯᠦᠭ ᠲᠤ ᠬᠤᠪᠢᠶᠠᠭᠳᠠᠭᠰᠠᠨ ᠪᠦᠭᠡᠳ ᠳᠤᠰ ᠳᠤᠰ ︽ᠪᠤᠶᠢᠷ · ᠭᠦᠯᠦᠨ︾᠂ ︽ᠴᠡᠪᠡᠷ ᠠᠷᠢᠭᠤᠨ ᠭᠦ᠋ᠰᠡᠯ︾᠂ ︽ᠰᠦᠷᠯᠢᠭ ᠰᠠᠶᠢᠬᠠᠨ ᠭᠦᠰᠡᠯ︾᠂ ︽ᠡᠶ᠎ᠡ ᠨᠠᠶᠢᠷᠠᠮᠳᠠᠭᠤ ᠭᠦᠰᠡᠯ ︾᠂ ︽ᠦᠩᠭᠡ ᠦᠵᠡᠮᠵᠢᠳᠤ ᠭᠡᠷ ᠤᠷᠤᠨ︾᠎ ᠢᠶᠠᠷ ᠭᠤᠤᠯ ᠰᠡᠳᠦᠪ ᠢᠶᠠᠨ ᠪᠤᠯᠭᠠᠵᠤ᠂ ᠮᠠᠨ ᠤ ᠤᠷᠤᠨ ᠤ ᠦᠡᠭᠭᠡ ᠭᠢᠯᠪᠠᠭᠠᠳᠦ ᠦᠨᠳᠦᠰᠦᠳᠠᠨ ᠤ ᠰᠤᠶᠤᠯ᠂ ᠪᠦᠯᠭᠦᠮᠳᠠᠨ ᠨᠠᠶᠢᠷᠠᠮᠳᠠᠭᠰᠠᠨ ᠦᠨᠳᠦᠰᠦᠳᠠᠨ ᠤ ᠬᠠᠷᠢᠴᠠᠭ᠎ᠠ ᠶᠢ ᠳᠠᠯᠭᠡᠨ ᠦᠵᠡᠭᠦᠯᠵᠤ᠂ ᠪᠦᠭᠦ ᠤᠷᠤᠨ ᠤ ᠦᠨᠳᠦᠰᠦᠳᠠᠨ ᠨᠦᠭᠦᠳ ᠤᠨ ᠠᠷᠠᠳ ᠳᠦᠮᠠᠨ ᠤ ᠰᠠᠭᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠭᠦᠮᠳᠠᠨ ᠳᠠᠮᠠᠴᠡᠨ ᠴᠤᠴᠠᠯᠳᠠ ᠦᠬᠡᠢ ᠤᠷᠤᠭᠰᠢᠯᠠᠵᠤ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠡᠷᠡᠯᠭᠡᠭ ᠵᠤᠷᠢᠭ ᠠᠤᠭ᠎ᠠ ᠰᠠᠨᠠᠭ᠎ᠠ ᠶᠢ ᠬᠠᠷᠠᠭᠤᠯᠵᠠᠢ᠃        ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ ᠢ ᠳᠦᠷᠪᠡᠨ ᠵᠢᠯ ᠳᠤ ᠨᠢᠭᠡ ᠬᠤᠭᠤᠴᠠᠭ᠎ᠠ ᠡᠷᠬᠢᠯᠡᠳᠡᠭ᠂ 1985 ᠤᠨ ᠠᠴᠠ ᠨᠡᠰᠢ ᠨᠢᠭᠡᠨᠳᠡ 8 ᠬᠤᠭᠤᠴᠠᠭ᠎ᠠ ᠡᠷᠬᠢᠯᠡᠪᠠ᠃ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠢ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠭᠤᠤᠯᠯᠠᠨ ᠡᠷᠬᠢᠯᠡᠵᠤ᠂ ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠬᠢᠯᠡᠵᠦ᠂ ︽ᠦᠵᠡᠰᠬᠦᠯᠡᠩᠳᠦ ᠰᠠᠶᠢᠬᠠᠨ ᠲᠠᠯ᠎ᠠ ᠨᠤᠳᠤᠭ ᠲᠤ ᠬᠤᠷᠠᠨ ᠴᠤᠭᠯᠠᠷᠠᠵᠦ ᠦᠨᠳᠦᠰᠦᠳᠡᠨ ᠤ ᠦᠪᠡᠳᠡᠭᠰᠢ ᠴᠤᠭᠯᠠᠭᠠᠨ ᠢᠶᠠᠨ ᠬᠠᠮᠳᠤᠪᠠᠷ ᠪᠡᠯᠭᠡᠯᠡᠬᠦ︾᠎ ᠪᠠᠷ ᠭᠤᠤᠯ ᠰᠡᠳᠦᠪ ᠢᠶᠠᠨ ᠪᠤᠯᠭᠠᠵᠦ᠂ ᠮᠤᠷᠢᠨ ᠮᠡᠷᠭᠡᠵᠢᠯ ᠵᠡᠷᠭᠡ 14 ᠵᠦᠢᠯ ᠤᠨ ᠤᠷᠤᠯᠳᠤᠭᠠᠨ ᠤ ᠲᠦᠷᠦᠯ ᠵᠦᠢᠯ ᠤᠨ 90 ᠪᠠᠭ᠎ᠠ ᠲᠦᠷᠦᠯ ᠪᠤᠯᠤᠨ ᠪᠤᠶᠢᠺᠤ ᠪᠦᠮᠪᠦᠭᠡ᠂ ᠮᠢᠷᠭᠠᠨ ᠲᠡᠷᠭᠡ ᠂ ᠳᠡᠮᠡᠭᠡᠨ ᠪᠦᠮᠪᠦᠭᠡ ᠵᠡᠷᠭᠡ 3 ᠦᠵᠡᠬᠦᠯᠦᠯᠭᠡ ᠶᠢᠨ ᠲᠦᠷᠦᠯ ᠵᠦᠢᠯ ᠢ ᠳᠤᠬᠢᠷᠠᠭᠤᠯᠵᠠᠢ᠃ ᠪᠦᠬᠦ ᠤᠷᠤᠨ ᠤ 12 ᠠᠶᠢᠮᠠᠭ ᠬᠤᠳᠠ ᠶᠢᠨ 1300 ᠭᠠᠷᠤᠢ ᠲᠠᠮᠢᠷᠴᠢᠨ ᠤᠷᠤᠯᠳᠤᠭᠠᠨ ᠳᠤ ᠤᠷᠤᠯᠴᠠᠬᠤ ᠪᠤᠯᠤᠨ᠎ᠠ᠃        ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠬᠡᠰᠡᠭ ᠮᠤᠵᠢ ᠬᠤᠳᠠ ᠶᠢᠨ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ᠂ ᠪᠡᠶ᠎ᠡ ᠶᠢᠨ ᠲᠠᠮᠢᠷ ᠤᠨ ᠰᠢᠰᠲ᠋ᠧᠮ ᠤᠨ ᠬᠠᠷᠢᠭᠤᠴᠠᠯᠭᠠᠳᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号