ᠪᠠᠢ ᠢᠤᠢ ᠭᠠᠩ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠭᠰᠠᠨ ᠨᠢ
ᠨᠡᠶᠢᠲᠡᠯᠡᠭᠰᠡᠨ ᠴᠠᠭ᠄
2017/7/18
   7 ᠳ᠋ᠤᠭᠠᠷ ᠰᠠᠷ᠎ᠠ ᠶᠢᠨ 7 — 9 ᠤ ᠡᠳᠦᠷ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠮᠠᠨ ᠤ ᠠᠶᠢᠮᠠᠭ ᠲᠤ ᠬᠦᠨᠵᠡᠭᠡᠶᠢᠷᠡᠨ ᠬᠢᠯᠢ ᠬᠢᠵᠠᠭᠠᠷ ᠤᠨ ᠬᠤᠰᠢᠭᠤ ᠰᠢᠶᠠᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ᠂ ᠰᠤᠶᠤᠯ ᠤᠨ ᠦᠢᠯᠡᠰ ᠤᠨ ᠭᠦᠭᠵᠢᠯᠲᠡ᠂ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠢ ᠪᠠᠶᠢᠴᠠᠭᠠᠨ ᠰᠤᠳᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ ︽ᠲᠦᠷᠪᠡᠨ ᠤᠬᠠᠮᠰᠠᠷ︾ ᠢᠶᠠᠨ ᠲᠡᠭᠡᠭᠰᠢᠯᠡᠬᠦᠯᠵᠦ᠂ ᠬᠤᠲᠠ ᠬᠦᠳᠡᠭᠡ ᠶᠢ ᠪᠦᠷᠬᠦᠬᠦᠯᠦᠭᠰᠡᠨ ᠲᠦᠬᠦᠮ ᠪᠦᠳᠦᠮᠵᠢᠲᠠᠢ ᠤᠯᠠᠨ ᠨᠠᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠦ᠂ ᠤᠯᠠᠨ ᠲᠦᠮᠡᠨ ᠳᠤ ᠨᠡᠩ ᠰᠢᠯᠢᠳᠡᠭ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠬᠠᠩᠭᠠᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠦ ᠰᠤᠶᠤᠯ ᠢ ᠤᠯᠠᠮᠵᠢᠯᠠᠨ ᠪᠠᠳᠠᠷᠠᠭᠤᠯᠵᠦ᠂ ᠰᠤᠶᠤᠯ ᠤᠨ ᠠᠵᠦ ᠦᠢᠯᠡᠰ ᠤᠨ ᠨᠡᠷᠡᠲᠦ ᠲᠡᠮᠳᠡᠭ ᠢ ᠬᠦᠭᠵᠢᠬᠦᠯᠵᠦ᠂ ᠴᠠᠭ ᠦᠶ᠎ᠡ ᠶᠢᠨ ᠱᠠᠭᠠᠷᠳᠠᠯᠭ᠎ᠠ ᠶᠢ ᠲᠠᠭᠠᠵᠦ᠂ ᠰᠢᠨ᠎ᠠ ᠪᠠᠶᠢᠳᠠᠯ ᠲᠤᠤᠷᠠᠬᠢ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠢ ᠯᠠᠪᠳᠠᠭᠤᠨ ᠠᠬᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠤᠳᠤᠬᠢᠴᠢᠯᠠᠭᠰᠠᠨ ᠰᠢᠯᠢ ᠶᠢᠨ ᠭᠤᠤᠯ ᠢ ᠪᠦᠲᠦᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠳᠤ ᠬᠦᠴᠦᠷᠭᠡᠭ ᠶᠡᠭᠡ ᠤᠶᠤᠨ ᠰᠠᠨᠠᠭᠠᠠ ᠤ ᠬᠦᠴᠦᠨ ᠢ ᠨᠢᠭᠳᠠᠷᠠᠭᠤᠯᠬᠤ ᠭᠡᠷᠡᠭᠲᠡᠢ ᠬᠡᠵᠦ ᠴᠢᠬᠤᠯᠠᠴᠢᠯᠠᠪᠠ᠃        ᠪᠠᠢ ᠢᠤᠢ ᠭᠠᠩ ᠤᠷᠢᠳ ᠬᠤᠵᠢᠳ ᠰᠢᠯᠤᠭᠤᠨ ᠬᠦᠬᠡ ᠬᠤᠰᠢᠭᠤᠨ ᠤ ᠬᠤᠪᠢᠯᠠᠢ ᠺᠢᠨᠣ᠋ ᠲᠧᠯᠸᠢᠰ ᠤᠨ ᠰᠠᠭᠤᠷᠢᠨ ᠭᠠᠵᠠᠷ᠂ ᠠᠪᠠᠭ᠎ᠠ ᠬᠤᠰᠢᠭᠤᠨ ᠤ ᠪᠠᠶᠠᠨᠲᠤᠭ ᠰᠤᠮᠤᠨ ᠤ ᠪᠠᠶᠠᠨᠲᠤᠭ ᠭᠠᠴᠠᠭ᠎ᠠ᠂ ᠨᠤᠮᠤᠬᠠᠨ ᠭᠠᠴᠠᠭ᠎ᠠ ᠶᠢᠨ ᠬᠡᠰᠡᠭ ᠮᠠᠯᠴᠢᠨ ᠡᠷᠦᠬᠡ᠂ ᠠᠪᠠᠭ᠎ᠠ ᠬᠤᠰᠢᠭᠤᠨ ᠤ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠭᠤᠤᠯ ᠰᠡᠳᠦᠪᠲᠦ ᠠᠭᠤᠳᠠᠮ ᠲᠠᠯᠠᠪᠠᠢ᠂ ᠪᠡᠯᠬᠦᠳᠡᠢ ᠪᠠᠯᠭᠠᠰᠤ ᠶᠢᠨ ᠪᠠᠶᠠᠨᠪᠢᠯᠢᠭ᠍ᠲᠦ ᠭᠠᠴᠠᠭᠠᠨ ᠤ ᠨᠠᠮ ᠤᠨ ᠬᠡᠰᠢᠬᠦᠨ ᠭᠤᠤᠯᠯᠠᠬᠤ ᠡᠷᠦᠬᠡ ᠲᠡᠮᠦᠷ ᠤᠨ ᠬᠢ᠂ ᠰᠢᠯᠢ ᠶᠢᠨ ᠭᠤᠤᠯ ᠤᠨ ᠡᠳᠦᠷ ᠤᠨ ᠰᠤᠨᠢᠨ ᠤ ᠬᠤᠷᠢᠶ᠎ᠠ᠂ ᠰᠢᠯᠢ ᠶᠢᠨ ᠬᠤᠲᠠ ᠶᠢᠨ ᠲᠠᠪᠰᠢᠯᠲᠠ ᠨᠡᠶᠢᠬᠡᠮ ᠲᠤᠭᠤᠷᠢᠭ᠂ ᠰᠢᠯᠢ ᠶᠢᠨ ᠭᠤᠤᠯ ᠤᠨ ᠷᠠᠳᠢᠣ᠋ ᠲᠧᠯᠸᠢᠰ ᠬᠤᠷᠢᠶ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠪᠡ᠃        ᠪᠠᠢ ᠢᠤᠢ ᠭᠠᠩ ᠴᠢᠬᠤᠯᠠᠴᠢᠯᠠᠬᠤ ᠳᠠᠭᠠᠨ᠂ ᠦᠨᠳᠦᠰᠦᠨ ᠱᠠᠲᠤᠨ ᠤ ᠤᠯᠠᠨ ᠨᠠᠶᠢᠲᠠ ᠶᠢᠨ ᠰᠤᠶᠤᠯ ᠤᠨ ᠦᠢᠯᠡᠴᠢᠯᠡᠭᠡ ᠶᠢ ᠦᠨᠡᠨᠬᠦ ᠲᠡᠭᠡᠭᠰᠢᠯᠡᠬᠦᠯᠵᠦ᠂ ᠤᠨᠴᠠᠭᠠᠢᠢᠯᠠᠨ ᠬᠢᠯᠢ ᠬᠢᠵᠠᠭᠠᠷ ᠤᠷᠤᠨ ᠤ ᠰᠤᠶᠤᠯ ᠪᠠ ᠶᠠᠷᠢᠶ᠎ᠠ ᠬᠡᠯᠡᠯᠴᠡᠭᠡ ᠤᠬᠠᠭᠤᠯᠭ᠎ᠠ ᠶᠢᠨ ᠰᠠᠭᠤᠷᠢᠨ ᠤ ᠬᠠᠮᠢᠶᠠᠷᠤᠯᠳᠠ ᠪᠠᠨ ᠴᠢᠩᠭᠠᠳᠬᠠᠵᠦ᠂ ᠶᠠᠷᠢᠶ᠎ᠠ ᠬᠡᠯᠡᠯᠴᠡᠭᠡᠨ ᠤ ᠵᠦᠪ ᠵᠢᠯᠤᠭᠤᠳᠤᠮᠵᠢ ᠶᠢ ᠪᠠᠷᠢᠮᠳᠠᠯᠠᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠤᠶᠤᠯ ᠤᠨ ᠪᠦᠲᠦᠭᠡᠭᠳᠡᠬᠦᠨ ᠪᠠ ᠦᠢᠯᠡᠴᠢᠯᠡᠭᠡ ᠶᠢ ᠪᠠᠶᠠᠯᠢᠭᠵᠢᠭᠤᠯᠵᠦ᠂ ᠦᠨᠳᠦᠰᠦᠳᠡᠨ ᠤ ᠰᠢᠯᠢᠳᠡᠭ ᠰᠤᠶᠤᠯ ᠤᠨ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠦ᠂ ᠭᠠᠵᠠᠷ ᠤᠷᠤᠨ ᠤ ᠤᠨᠴᠠᠯᠢᠬᠲᠤ ᠰᠤᠶᠤᠯ ᠤᠨ ᠡᠬᠢ ᠪᠠᠶᠠᠯᠢᠭ ᠲᠤ ᠲᠦᠰᠢᠭᠯᠡᠨ ᠰᠤᠶᠤᠯ ᠤᠨ ᠭᠦᠭᠵᠢᠯᠲᠠ ᠪᠠ ᠰᠤᠶᠤᠯ ᠵᠤᠭᠠᠴᠠᠯ ᠤᠨ ᠠᠵᠦ ᠦᠢᠯᠡᠰ ᠢ ᠠᠭᠤᠰᠤᠯᠴᠠᠭᠤᠯᠤᠨ ᠭᠦᠭᠵᠢᠬᠦᠯᠵᠦ᠂ ᠰᠤᠶᠤᠯ ᠵᠤᠭᠠᠴᠠᠯ ᠤᠨ ᠦᠢᠯᠡᠰ ᠢ ᠤᠯᠤᠰ ᠠᠷᠠᠳ ᠤᠨ ᠲᠤᠯᠭᠠᠭᠤᠷᠢᠯᠠᠯ ᠠᠵᠦ ᠦᠢᠯᠡᠰ ᠪᠤᠯᠭᠠᠨ ᠭᠦᠭᠵᠢᠬᠦᠯᠬᠦ ᠬᠡᠷᠡᠭᠲᠡᠢ᠃ ᠡᠷᠬᠡᠪᠰᠢ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠭᠤᠤᠯ ᠶᠠᠷᠢᠶ᠎ᠠ ᠬᠡᠯᠡᠯᠴᠡᠭᠡ ᠶᠢ ᠪᠤᠵᠠᠭᠠᠢᠢᠷᠠᠭᠤᠯᠵᠦ᠂ ᠵᠡᠭᠤᠴᠢᠯᠠᠭᠤᠷ ᠤᠨ ᠲᠠᠮᠵᠢᠭᠤᠯᠬᠤ ᠬᠡᠯᠪᠡᠷᠢ ᠶᠢ ᠰᠢᠨᠡᠴᠢᠯᠡᠵᠦ᠂ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠰᠢᠨ᠎ᠠ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠪᠡ᠃        ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠰᠡᠴᠡᠨᠪᠢᠯᠢᠭ᠂ ᠬᠠᠮᠢᠶ᠎ᠠ ᠪᠦᠬᠦᠢ ᠬᠤᠰᠢᠭᠤ ᠰᠢᠶᠠᠨ ᠬᠤᠲᠠ ᠶᠢᠨ ᠭᠤᠤᠯ ᠬᠠᠷᠢᠭᠤᠴᠠᠯᠭᠠᠳᠠᠨ ᠪᠠᠶᠢᠴᠠᠭᠠᠨ ᠰᠤᠳᠤᠯᠬᠤ ᠳᠤ ᠪᠠᠷ᠎ᠠ ᠪᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号