6 ᠳ᠋ᠤᠭᠠᠷ ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠲᠠᠷᠤᠭ᠎ᠠ ᠹᠦ᠋ ᠸᠠᠨ ᠬᠤᠢ 2017 ᠤᠨ ᠤ ᠠᠶᠢᠮᠠᠭ ᠤᠨ ᠵᠠᠬᠢᠷᠭ᠎ᠠ ᠶᠢᠨ 7 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ ᠪᠦ᠋ ᠰᠢᠶᠤᠤ ᠯᠢᠨ ᠤ ᠬᠤᠷᠢᠨᠭᠡᠷ ᠰᠢᠨ᠎ᠠ ᠲᠤᠭᠤᠷᠢᠭ ᠤᠨ ᠪᠦᠲᠦᠭᠡᠨ | ᠪᠠᠶᠢᠭᠤᠯᠤᠯᠲᠠ ᠶᠢ ᠵᠤᠬᠢᠴᠠᠭᠤᠯᠬᠤ ᠤᠳᠤᠷᠢᠳᠬᠤ ᠲᠤᠭᠤᠢᠢᠯᠠᠩ ᠤᠨ ᠠᠵᠢᠯ ᠤᠨ ᠬᠤᠷᠠᠯ ᠲᠡᠭᠡᠷᠠᠭᠢ ᠶᠠᠷᠢᠶ᠎ᠠ ᠪᠤᠯᠤᠨ | ︽ᠭᠠᠨᠰᠤ ᠶᠢᠨ ᠴᠢ ᠯᠢᠶᠠᠨ ᠱᠠᠨ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ | ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠢ ᠱᠠᠭᠠᠷᠳᠠᠨ ᠪᠠᠶᠢᠴᠠᠭᠠᠭᠰᠠᠨ ᠪᠠᠶᠢᠳᠠᠯ ᠵᠢᠴᠢ | ᠰᠤᠷᠭᠠᠮᠵᠢ ᠶᠢᠨ ᠮᠡᠳᠡᠬᠦᠯᠦᠯᠲᠡ︾ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠬᠦᠷᠡᠰᠤᠨ | ᠲᠠᠪᠬᠤᠷᠭ᠎ᠠ ᠶᠢᠨ ᠭᠡᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠬᠤᠳᠠ ᠶᠢᠨ ᠬᠠᠭᠤᠴᠢᠨ ᠤᠷᠤᠨ ᠰᠠᠭᠤᠴᠠ ᠶᠢ | ᠦᠭᠡᠷᠡᠴᠢᠯᠡᠨ ᠰᠢᠨᠡᠳᠭᠡᠬᠦ ᠠᠵᠢᠯ ᠳᠤ ᠪᠡᠯᠡ ᠬᠤᠷᠠᠮᠳᠤᠭᠤᠯᠬᠤ ᠵᠡᠷᠭᠡ ᠠᠵᠢᠯ ᠢ ᠰᠤᠳᠤᠯᠵᠤ᠂ ᠲᠠᠷᠠᠭᠠᠴᠢ ᠶᠢᠨ | ᠠᠯᠬᠤᠮ ᠤᠨ ᠭᠤᠤᠯᠳᠠᠯᠭᠠᠳᠤ ᠠᠵᠢᠯ ᠢ ᠪᠠᠶᠢᠷᠢᠯᠠᠭᠤᠯᠵᠠᠢ᠃ | ᠡᠯ᠎ᠡ ᠭᠠᠵᠠᠷ ᠡᠯ᠎ᠡ ᠰᠠᠯᠠᠭ᠎ᠠ ᠮᠦᠴᠢᠷ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠨ ᠠᠳᠬᠤᠵᠤ᠂ | ᠰᠠᠨᠠᠭᠠᠴᠢᠯᠠᠭᠠᠳᠠᠢ ᠠᠵᠢᠯᠯᠠᠵᠤ᠂ ᠠᠷᠭ᠎ᠠ ᠪᠠᠷᠢᠯ ᠢᠶᠠᠨ ᠴᠢᠩᠭᠠᠳᠬᠠᠵᠤ᠂ ᠪᠤᠳᠠᠳᠠᠢ ᠨᠠᠶᠢᠳᠠᠪᠦᠷᠢᠵᠢᠭᠤᠯᠬᠤ ᠭᠡᠷᠡᠭᠲᠡᠢ᠃ | ᠲᠤᠭᠳᠠᠭᠤᠨ ᠨᠡᠮᠡᠭᠲᠡᠯ ᠢ ᠪᠠᠳᠤᠯᠠᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠬᠦᠷᠢ ᠶᠢ ᠢᠯᠡᠨ ᠲᠠᠪᠠᠭ᠋ᠤ ᠵᠡᠷᠭᠡ ᠠᠵᠢᠯ ᠢ ᠪᠠᠳᠤᠳᠠᠢ | ᠠᠬᠢᠭᠤᠯᠵᠤ᠂ ᠡᠬᠦᠷᠭᠡ ᠬᠠᠷᠠᠯᠳᠠ ᠪᠠᠨ ᠪᠡᠶᠡᠯᠡᠬᠦᠯᠬᠦ ᠭᠡᠷᠡᠭᠲᠡᠢ᠃ ᠠᠶᠦᠯᠬᠦᠢ ᠦᠢᠯᠡᠳᠪᠦᠷᠢᠯᠡᠯ ᠤᠨ ᠬᠢᠨᠡᠨ | ᠬᠠᠮᠢᠶᠠᠷᠤᠯᠳᠠ ᠶᠢᠨ ᠬᠠᠤᠯᠢ ᠭᠡᠷᠡᠭᠵᠢᠬᠦᠯᠦᠯᠲᠡ ᠪᠠᠨ ᠴᠢᠩᠭᠠᠳᠬᠠᠵᠤ᠂ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ | ᠴᠢᠩᠳᠠᠯᠠᠵᠤ᠂ ᠠᠶᠦᠯᠬᠦᠢ ᠦᠢᠯᠡᠳᠪᠦᠷᠢᠯᠡᠯ ᠤᠨ ᠲᠤᠭᠳᠠᠭᠤᠨ ᠬᠠᠨᠳᠤᠰᠢ ᠶᠢ ᠪᠠᠳᠤᠯᠠᠬᠤ ᠭᠡᠷᠡᠭᠲᠡᠢ᠃ ᠤᠳᠤᠬᠠᠨ ᠤ | ᠭᠠᠩ ᠲᠠᠢ ᠲᠡᠮᠡᠴᠡᠵᠤ ᠦᠶᠡᠷ ᠢ ᠰᠡᠷᠭᠡᠶᠢᠯᠡᠬᠦ ᠡᠯ᠎ᠡ ᠲᠠᠯ᠎ᠠ ᠶᠢᠨ ᠠᠵᠢᠯ ᠢ ᠪᠠᠳᠤᠳᠠᠢ ᠠᠳᠬᠤᠵᠤ᠂ ᠬᠤᠬᠢᠷᠠᠯ ᠢ | ᠪᠠᠭᠠᠰᠬᠠᠬᠤ ᠭᠡᠷᠡᠭᠲᠡᠢ᠃ ᠲᠡᠭᠡᠲᠦ ᠭᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠭᠡ ᠪᠠᠷ | ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠰᠠᠶᠢᠳᠤᠷ | ᠵᠤᠬᠢᠶᠠᠨ ᠪᠠᠶᠢᠭᠤᠯᠬᠤ ᠭᠡᠷᠡᠭᠲᠡᠢ ᠭᠡᠵᠤ ᠬᠤᠷᠠᠯ ᠠᠴᠠ ᠴᠢᠬᠤᠯᠠᠴᠢᠯᠠᠵᠠᠢ᠃ | ᠴᠢ ᠯᠢᠶᠠᠨ ᠱᠠᠨ ᠤ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ | ᠤᠷᠴᠢᠨ ᠲᠤᠭᠤᠷᠢᠨ ᠤ ᠠᠰᠠᠭᠤᠳᠠᠯ ᠠᠴᠠ ᠰᠤᠷᠭᠠᠮᠵᠢ ᠠᠪᠴᠤ᠂ ᠠᠮᠢ ᠠᠬᠤᠢ ᠪᠠᠷ ᠤᠷᠢᠳᠠᠯ ᠪᠤᠯᠭᠠᠬᠤ᠂ ᠪᠤᠬᠢᠷᠲᠤᠯ | ᠦᠭᠡᠢ ᠬᠦᠭᠵᠢᠯᠲᠡ ᠶᠢᠨ ᠦᠢᠯᠠᠭᠠᠭᠳᠠᠬᠤᠨ ᠢ ᠪᠠᠳᠤ ᠪᠤᠢ ᠪᠤᠯᠭᠠᠵᠤ᠂ ᠲᠦᠪ᠂ ᠦᠪᠡᠷᠲᠡᠭᠡᠨ ᠵᠠᠰᠠᠬᠤ ᠤᠷᠤᠨ ᠤ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠰᠠᠨᠠᠯ ᠢ ᠨᠠᠶᠢᠳᠠᠪᠦᠷᠢᠵᠢᠭᠤᠯᠵᠤ᠂ | ᠰᠢᠯᠢ ᠶᠢᠨ ᠭᠤᠤᠯ ᠤᠨ ᠲᠠᠯ᠎ᠠ ᠨᠤᠳᠤᠭ ᠢᠶᠠᠨ ᠬᠠᠮᠠᠭᠠᠯᠠᠨ ᠪᠦᠲᠦᠭᠡᠨ ᠪᠠᠶᠢᠭᠤᠯᠵᠤ᠂ ᠡᠭᠡ ᠤᠯᠤᠰ ᠤᠨ ᠤᠮᠠᠷᠠᠲᠦ | ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠬᠤ ᠭᠡᠷᠡᠭᠲᠡᠢ ᠭᠡᠵᠤ ᠬᠤᠷᠠᠯ ᠠᠴᠠ ᠴᠢᠬᠤᠯᠠᠴᠢᠯᠠᠵᠠᠢ | ᠃ | ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠᠷ ᠤᠷᠢᠳᠠᠯ ᠪᠤᠯᠭᠠᠵᠤ᠂ ᠤᠯᠤᠰ ᠤᠨ ᠠᠵᠤ | ᠦᠢᠯᠡᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠠᠷ ᠪᠤᠳᠠᠳᠤ ᠬᠦᠴᠦᠨ ᠴᠢᠩᠭ᠎ᠠ᠂ ᠪᠤᠯᠪᠠᠰᠤᠷᠠᠩᠭᠤᠢ | ᠮᠡᠷᠭᠡᠵᠢᠯ ᠲᠠᠢ ᠠᠵᠤ ᠠᠬᠤᠢᠢᠯᠠᠯ ᠢ ᠲᠡᠮᠵᠢᠵᠤ᠂ ᠡᠬᠢ ᠪᠠᠶᠠᠯᠢᠭ ᠢ ᠬᠠᠤᠯᠢ ᠲᠤᠭᠳᠠᠭᠠᠯ ᠶᠤᠰᠤᠭᠠᠷ ᠨᠡᠭᠡᠭᠡᠨ | ᠠᠰᠢᠭᠯᠠᠬᠤ ᠭᠡᠷᠡᠭᠲᠡᠢ᠃ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠬᠠᠮᠢᠶ᠎ᠠ ᠪᠦᠬᠦᠢ ᠲᠦᠷᠢᠮ | ᠲᠤᠭᠳᠠᠭᠠᠯ ᠱᠠᠭᠠᠷᠳᠠᠯᠭ᠎ᠠ ᠪᠠᠷ ᠬᠠᠭᠤᠴᠢᠨ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠦᠢᠯᠡᠴᠢᠯᠡᠭᠡ ᠶᠢ | ᠬᠤᠳᠠᠯᠳᠤᠨ ᠠᠪᠬᠤ ᠳᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠤᠯᠤᠨ ᠬᠢᠨᠠᠨ ᠪᠠᠶᠢᠴᠠᠭᠠᠯᠳᠠ ᠶᠢ ᠰᠠᠶᠢᠳᠤᠷ ᠬᠢᠵᠤ᠂ | ᠪᠡᠯᠡ ᠮᠦᠩᠬᠦ ᠶᠢᠨ ᠭᠡᠷᠡᠭᠯᠡᠯᠲᠡ ᠶᠢ ᠴᠢᠩᠭ᠎ᠠ ᠬᠢᠨᠠᠨ ᠬᠠᠮᠢᠶᠠᠷᠴᠤ᠂ ᠤᠯᠠᠨ ᠲᠦᠮᠡᠨ ᠢ ᠬᠠᠨᠤᠮᠵᠢᠲᠠᠢ ᠪᠠᠶᠢᠯᠭᠠᠬᠤ | ᠭᠡᠷᠡᠭᠲᠡᠢ ᠭᠡᠵᠤ ᠬᠤᠷᠠᠯ ᠠᠴᠠ ᠴᠢᠬᠤᠯᠠᠴᠢᠯᠠᠵᠠᠢ᠃ |