ᠯᠦᠸᠧ ᠬᠤ᠋ ᠽᠠᠢ ᠰᠢᠯᠢ ᠶᠢᠨ ᠭᠤᠤᠯ ᠤᠨ ᠲᠠᠯ᠎ᠠ ᠨᠤᠳᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠤᠷᠴᠢᠨ ​ᠳᠤᠭᠤᠷᠢᠨ ᠤ ᠠᠰᠠᠭᠤᠳᠠᠯ ᠢ ᠰᠠᠶᠢᠳᠤᠷ ᠴᠡᠭᠴᠡᠯᠡᠨ ᠵᠠᠰᠠᠵᠦ ᠰᠢᠯᠢ ᠶᠢᠨ ᠭᠤᠤᠯ ᠤᠨ ᠢᠶᠠᠨ ᠠᠭᠠᠷ ᠳᠡᠭᠷᠢ ᠶᠢ ᠨᠡᠩ ᠴᠡᠯᠮᠡᠭ ᠳᠤᠩᠭᠠᠯᠠᠬ ᠠᠭᠤᠯᠠ ᠤᠰᠤ ᠶᠢ ᠨᠡᠩ ᠨᠤᠮᠢᠨ ᠴᠡᠩᠭᠡᠷ ᠪᠤᠯᠭᠠᠰᠤᠭᠠᠢ
ᠨᠡᠶᠢᠲᠡᠯᠡᠭᠰᠡᠨ ᠴᠠᠭ᠄
2017/7/6
   6 ᠳ᠋ᠤᠭᠠᠷ ᠰᠠᠷ᠎ᠠ ᠶᠢᠨ 30᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠢ ᠶᠢᠨ ᠭᠤᠤᠯ ᠤᠨ ᠲᠠᠯ᠎ᠠ ᠨᠤᠳᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠬᠦᠷᠴᠤ᠂ ᠲᠦᠪ᠂ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠰᠠᠨᠠᠯ ᠢ ᠨᠠᠶᠢᠳᠠᠪᠦᠷᠢᠵᠢᠭᠤᠯᠤᠬᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠤ᠂ ᠶᠡᠷᠦᠩᠭᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠴᠢᠬᠤᠯᠠ ᠦᠬᠦᠯᠡᠯᠲᠡ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠦᠵᠡᠰᠭᠦᠯᠡᠩᠳᠦ ᠰᠠᠶᠢᠬᠠᠨ ᠠᠭᠤᠯᠠ ᠤᠰᠤ ᠪᠤᠯ ᠬᠠᠮᠤᠬ ᠤᠨ ᠦᠨᠡᠳᠦ ᠡᠷᠳᠡᠨᠢᠰ ᠮᠦᠨ︾ ᠬᠡᠬᠦ ᠪᠤᠬᠢᠷᠲᠦᠯ ᠦᠭᠡᠢ ᠬᠦᠭᠵᠢᠯᠲᠡ ᠶᠢᠨ ᠦᠢᠯᠠᠭᠠᠭᠳᠠᠬᠤᠨ ᠢ ᠤᠯᠠᠮ ᠴᠢᠩᠭᠠᠳᠬᠠᠵᠤ᠂ ᠲᠡᠭᠡᠲᠦ ᠭᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠭᠡ ᠪᠠᠷ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠠᠳᠬᠤᠵᠤ᠂ ᠲᠦᠪ᠂ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠰᠠᠨᠠᠯ ᠢ ᠰᠠᠶᠢᠳᠤᠷ ᠨᠠᠶᠢᠳᠠᠪᠦᠷᠢᠵᠢᠭᠤᠯᠵᠤ᠂ ᠰᠢᠯᠢ ᠶᠢᠨ ᠭᠤᠤᠯ ᠤᠨ ᠠᠭᠠᠷ ᠳᠡᠭᠷᠢ ᠶᠢ ᠨᠡᠩ ᠴᠡᠪᠡᠷ᠂ ᠠᠭᠤᠯᠠ ᠤᠰᠤ ᠶᠢ ᠨᠡᠩ ᠨᠤᠮᠢᠨ ᠪᠠᠶᠢᠯᠭᠠᠵᠤ᠂ ᠦᠨᠳᠤᠰᠤᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢ ᠨᠡᠩ ᠲᠤᠬᠢᠯᠢᠭ ᠪᠤᠯᠭᠠᠬᠤ ᠭᠡᠷᠡᠭᠲᠡᠢ ᠭᠡᠵᠤ ᠴᠢᠬᠤᠯᠠᠴᠢᠯᠠᠵᠠᠢ᠃        ᠯᠦᠸᠧ ᠬᠤ᠋ ᠽᠠᠢ ᠰᠢᠯᠢ ᠶᠢᠨ ᠬᠤᠳᠠ ᠶᠢᠨ ᠤᠤᠯ ᠤᠨ ᠬᠤᠩ ᠱᠠᠨ ᠴᠢᠯᠠᠭᠤ ᠮᠠᠯᠳᠠᠬᠤ ᠲᠠᠯᠠᠪᠤᠷ᠂ ᠪᠠᠶᠠᠨᠰᠢᠯᠢ ᠮᠠᠯᠵᠢᠯ ᠤᠨ ᠲᠠᠯᠠᠪᠠᠢ ᠶᠢᠨ ᠤᠯᠤᠮ ᠬᠦᠬᠦᠷᠭᠡ ᠶᠢᠨ ᠦᠵᠡᠮᠵᠢ ᠶᠢᠨ ᠤᠷᠤᠨ᠂ ᠬᠤᠩ ᠶᠤᠸᠠᠨ ᠤᠳᠤ ᠦᠶ᠎ᠠ ᠶᠢᠨ ᠮᠠᠯ ᠠᠵᠤ ᠠᠬᠤᠢ ᠶᠢᠨ ᠺᠤᠮᠫᠠᠨᠢ ᠶᠢᠨ ᠳᠡᠵᠢᠭᠡᠯ ᠡᠪᠡᠰᠤᠨ ᠤ ᠰᠠᠭᠤᠷᠢᠨ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠤᠬᠠᠭᠤᠯᠭ᠎ᠠ ᠬᠦᠮᠤᠵᠢᠯ ᠤᠨ ᠲᠦᠪ ᠲᠤ ᠬᠦᠷᠴᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠦᠢᠯᠠᠭᠠᠵᠤ᠂ ᠬᠠᠮᠠᠭᠠᠯᠠᠯᠲᠠ ᠶᠢᠨ ᠤᠷᠤᠨ ᠳᠠᠬᠢ ᠠᠭᠤᠷᠬᠠᠢ ᠶᠢᠨ ᠠᠵᠤ ᠠᠬᠤᠢᠢᠯᠠᠯ ᠢ ᠨᠡᠬᠦᠯᠭᠡᠨ ᠭᠠᠷᠭᠠᠬᠤ᠂ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ᠂ ᠭᠠᠩ ᠲᠠᠢ ᠲᠡᠮᠡᠴᠡᠵᠤ ᠬᠤᠷᠤᠬᠠᠢ ᠰᠢᠪᠠᠵᠢ ᠶᠢᠨ ᠬᠦᠨᠦᠭᠡᠯ ᠢ ᠰᠡᠷᠭᠡᠶᠢᠯᠡᠬᠦ ᠦᠶᠡᠷ ᠢ ᠰᠡᠷᠭᠡᠶᠢᠯᠡᠬᠦ ᠵᠡᠷᠭᠡ ᠠᠵᠢᠯ ᠤᠨ ᠲᠤᠬᠠᠢ ᠪᠦᠬᠦ ᠲᠠᠯ᠎ᠠ ᠪᠠᠷ ᠦᠢᠯᠠᠭᠠᠵᠠᠢ᠃ ᠯᠦᠸᠧ ᠬᠤ᠋ ᠽᠠᠢ ᠵᠢᠭᠠᠬᠤ ᠳᠠᠭᠠᠨ᠂ ᠰᠢᠯᠢ ᠶᠢᠨ ᠭᠤᠤᠯ ᠤᠨ ᠲᠠᠯ᠎ᠠ ᠨᠤᠳᠤᠭ ᠢ ᠰᠠᠶᠢᠳᠤᠷ ᠬᠠᠮᠠᠭᠠᠯᠠᠬᠤ ᠨᠢ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ᠎ᠠ᠃ ᠡᠯ᠎ᠠ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠬᠦᠨᠳᠤ ᠨᠠᠶᠢᠳᠠᠯᠭ᠎ᠠ ᠶᠢ ᠪᠠᠳᠤ ᠴᠡᠬᠡᠵᠢᠯᠠᠵᠤ᠂ ᠲᠦᠪ ᠪᠤᠯᠤᠨ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠰᠢᠢᠳᠪᠦᠷᠢᠳᠤ ᠪᠠᠶᠢᠷᠢᠯᠠᠭᠤᠯᠤᠯᠲᠠ ᠶᠢ ᠰᠠᠶᠢᠳᠤᠷ ᠨᠠᠶᠢᠳᠠᠪᠦᠷᠢᠵᠢᠭᠤᠯᠵᠤ᠂ ᠤᠯᠤᠰ ᠲᠦᠷᠦ ᠶᠢᠨ ᠵᠤᠭᠰᠤᠴᠡ ᠪᠠᠨ ᠪᠠᠳᠤᠳᠬᠠᠵᠤ᠂ ᠠᠮᠢ ᠠᠬᠤᠢ ᠶᠢᠨ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠪᠤᠬᠢᠷᠲᠦᠯ ᠦᠭᠡᠢ ᠬᠦᠭᠵᠢᠯᠲᠡ ᠶᠢᠨ ᠦᠢᠯᠠᠭᠠᠭᠳᠠᠬᠤᠨ ᠢ ᠪᠠᠳᠤ ᠪᠤᠢ ᠪᠤᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠲᠡᠢ ᠭᠡᠪᠡ᠃        ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠲᠤᠰᠬᠠᠭᠰᠠᠨ ᠰᠠᠨᠠᠯ ᠢ ᠰᠠᠶᠢᠳᠤᠷ ᠨᠠᠶᠢᠳᠠᠪᠦᠷᠢᠵᠢᠭᠤᠯᠬᠤ ᠭᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠵᠠᠰᠠᠯᠳᠠ ᠶᠢ ᠴᠢᠩᠭᠠᠳᠬᠠᠵᠤ᠂ ᠴᠡᠪᠡᠷᠯᠡᠨ ᠴᠡᠭᠴᠡᠯᠡᠵᠤ᠂ ᠨᠡᠭᠦᠯᠭᠡᠨ ᠲᠦᠪᠬᠢᠨᠡᠬᠦᠯᠬᠦ ᠠᠵᠢᠯ ᠢ ᠰᠠᠶᠢᠳᠤᠷ ᠬᠢᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷᠵᠢᠯ ᠲᠠᠢ ᠪᠠᠶᠡᠯᠡᠬᠦᠯᠬᠦ ᠭᠡᠷᠡᠭᠲᠡᠢ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠰᠠᠨᠠᠯ ᠢ ᠨᠠᠶᠢᠳᠠᠪᠦᠷᠢᠵᠢᠭᠤᠯᠬᠤ ᠪᠠᠷ ᠲᠤᠬᠢᠶᠠᠯ ᠪᠤᠯᠭᠠᠵᠤ᠂ ᠭᠤᠤᠯᠳᠠᠯᠭᠠᠳᠤ ᠠᠮᠢ ᠠᠬᠤᠢ ᠶᠢᠨ ᠰᠡᠷᠬᠦᠭᠡᠯᠲᠡ ᠶᠢᠨ ᠲᠦᠷᠦᠯ ᠵᠦᠢᠯ ᠢ ᠭᠡᠷᠡᠭᠵᠢᠬᠦᠯᠵᠤ᠂ ᠰᠢᠨ᠎ᠠ ᠨᠢᠭᠡᠨ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠮᠠᠯ ᠪᠡᠯᠴᠢᠭᠡᠷ ᠤᠨ ᠲᠠᠩᠴᠡᠬᠦᠷᠢ ᠶᠢ ᠪᠠᠳᠤᠯᠠᠬᠤ ᠲᠦᠷᠢᠮ ᠵᠡᠷᠭᠡ ᠶᠢ ᠴᠢᠩᠭ᠎ᠠ ᠭᠡᠷᠡᠭᠵᠢᠬᠦᠯᠵᠤ᠂ ᠰᠢᠯᠢ ᠶᠢᠨ ᠭᠤᠤᠯ ᠤᠨ ᠤᠯᠤᠰ ᠤᠨ ᠲᠠᠰ ᠤᠨ ᠲᠠᠯ᠎ᠠ ᠨᠤᠳᠤᠭ ᠤᠨ ᠴᠡᠴᠡᠷᠯᠢᠭ ᠢ ᠪᠠᠶᠢᠭᠤᠯᠬᠤ ᠠᠵᠢᠯ ᠢ ᠰᠠᠶᠢᠳᠤᠷ ᠠᠳᠬᠤᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠠ ᠪᠦᠲᠦᠭᠡᠯ ᠢ ᠪᠠᠳᠤᠳᠬᠠᠬᠤ ᠭᠡᠷᠡᠭᠲᠡᠢ᠃ ᠤᠰᠤᠨ ᠤ ᠤᠷᠴᠢᠨ ᠲᠤᠭᠤᠷᠢᠨ ᠤ ᠵᠠᠰᠠᠯᠳᠠ ᠶᠢ ᠴᠢᠩᠭᠠᠳᠬᠠᠵᠤ᠂ ᠭᠤᠤᠯ ᠤᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠦᠷᠢᠵᠢᠭᠤᠯᠵᠤ᠂ ᠤᠰᠤᠨ ᠤ ᠴᠢᠨᠠᠷ ᠢ ᠬᠢᠨᠠᠨ ᠭᠡᠮᠵᠢᠨ ᠵᠠᠳᠠᠯᠬᠤ ᠶᠢ ᠰᠠᠶᠢᠳᠤᠷ ᠠᠳᠬᠤᠵᠤ᠂ ᠬᠢᠵᠠᠭᠠᠷ ᠲᠠᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠭᠡᠷᠡᠭᠲᠡᠢ᠃ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭ᠎ᠠ ᠭᠡᠷᠡᠭᠵᠢᠬᠦᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠷᠢᠶ᠎ᠠ ᠲᠤᠭᠤᠷᠢᠭ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ ᠡᠳᠦᠷ ᠲᠤᠳᠤᠮ ᠤᠨ ᠬᠠᠮᠢᠶᠠᠷᠤᠯᠳᠠ ᠪᠤᠯᠤᠨ ᠬᠠᠤᠯᠢ ᠭᠡᠷᠡᠭᠵᠢᠬᠦᠯᠦᠨ ᠪᠠᠶᠢᠴᠠᠭᠠᠬᠤ ᠶᠢ ᠤᠶᠠᠯᠳᠤᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠤᠨ ᠲᠡᠬᠦᠯᠲᠡᠷᠵᠢᠬᠦᠯᠬᠦ ᠭᠡᠷᠡᠭᠲᠡᠢ ᠭᠡᠪᠡ᠃    ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠤᠤ ᠳ᠋ᠧ ᠶᠦᠩ᠂ ᠠᠶᠢᠮᠠᠭ ᠤᠨ ᠳᠡᠳ᠋ ᠲᠠᠷᠤᠭ᠎ᠠ ᠦᠯᠵᠡᠢ᠂ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠡᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠎ ᠤ ᠮᠤᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号