ᠲᠤᠯᠤᠨ ᠨᠤᠤᠷ ᠰᠢᠶᠠᠨ ᠭᠤᠤᠯᠳᠠᠯᠭᠠᠳᠤ ᠲᠦᠷᠦᠯ ᠵᠦᠢᠯ ᠢ ᠲᠦᠷᠭᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2017/7/6
   ᠲᠤᠯᠤᠨ ᠨᠤᠤᠷ ᠰᠢᠶᠠᠨ ᠤ ᠰᠤᠶᠤᠯ ᠤᠨ ᠮᠦᠽᠸᠢ ᠶᠢᠨ ᠠᠭᠤᠳᠠᠮ ᠲᠠᠯᠠᠪᠠᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ᠂ ᠠᠵᠢᠯᠴᠢᠨ ᠨᠠᠷ ᠦᠨᠳᠤᠷ ᠴᠠᠬᠤᠯᠠᠭᠤᠷ ᠲᠡᠭᠡᠷ᠎ᠠ ᠵᠤᠭᠰᠤᠨ ᠵᠠᠷᠢᠮ ᠨᠢ ᠬᠠᠪᠳᠠᠰᠤ ᠲᠡᠪᠢᠰᠴᠤ᠂ ᠵᠠᠷᠢᠮ ᠨᠢ ᠲᠡᠮᠦᠷ ᠭᠠᠩᠨᠠᠵᠤ᠂ ᠮᠠᠰᠢ ᠶᠠᠭᠠᠷᠠᠯᠳᠠᠢ ᠠᠵᠢᠯᠯᠠᠵᠤ ᠪᠠᠶᠢᠯ᠎ᠠ᠃        ︽ᠲᠤᠰ ᠲᠦᠷᠦᠯ ᠵᠦᠢᠯ ᠪᠤᠯ ᠤᠷᠤᠨ ᠤ ᠲᠠᠰ ᠤᠨ ᠵᠢᠱᠢᠶ᠎ᠠ ᠦᠵᠡᠬᠦᠯᠬᠦ ᠲᠦᠷᠦᠯ ᠵᠦᠢᠯ ᠤᠨ PPP ᠲᠦᠷᠦᠯ ᠵᠦᠢᠯ ᠪᠠᠶᠢᠵᠤ᠂ ᠮᠦᠨᠴᠤ ᠠᠶᠢᠮᠠᠭ ᠤᠨ ᠲᠠᠰ ᠤᠨ ᠭᠤᠤᠯᠳᠠᠯᠭᠠᠳᠤ ᠲᠦᠷᠦᠯ ᠵᠦᠢᠯ ᠤᠨ ᠨᠢᠭᠡ ᠪᠤᠯᠤᠨ᠎ᠠ᠂ 2016 ᠤᠨ ᠤ 5 ᠳ᠋ᠤᠭᠠᠷ ᠰᠠᠷ᠎ᠠ ᠳᠤ ᠲᠦᠷᠦᠯ ᠵᠦᠢᠯ ᠢ ᠲᠤᠭᠳᠠᠵᠤ᠂ 10 ᠳ᠋ᠤᠭᠠᠷ ᠰᠠᠷ᠎ᠠ ᠳᠤ ᠡᠬᠢᠯᠡᠨ ᠪᠠᠶᠢᠭᠤᠯᠵᠤ᠂ ᠡᠨᠡ ᠵᠢᠯ ᠤᠨ 4 ᠳ᠋ᠤᠭᠡᠷ ᠰᠠᠷ᠎ᠠ ᠳᠤ ᠲᠡᠬᠢᠨ ᠵᠠᠯᠭᠠᠵᠤ ᠪᠠᠶᠢᠭᠤᠯᠵᠤ ᠪᠠᠶᠢᠨ᠎ᠠ᠃ ᠪᠠᠷᠢᠯᠭ᠎ᠠ ᠲᠠᠭᠤᠰᠤᠭᠰᠠᠨ ᠤ ᠲᠠᠷᠠᠭ᠎ᠠ᠂ ᠲᠤᠯᠤᠨ ᠨᠤᠤᠷ ᠤᠨ ᠰᠤᠶᠤᠯ ᠢᠷᠭᠡᠨᠰᠢᠯ ᠢ ᠬᠦᠨᠵᠡᠭᠡᠢ ᠢᠯᠡᠷᠡᠬᠦᠯᠦᠭᠰᠡᠨ ᠨᠢᠭᠡᠨ ᠮᠦᠽᠸᠢ᠂ ᠢᠵᠢ ᠪᠦᠷᠢᠨ ᠵᠤᠭᠠᠴᠠᠯ ᠤᠨ ᠦᠢᠯᠡᠴᠢᠯᠡᠭᠡ ᠶᠢ ᠪᠦᠷᠢᠳᠦᠬᠦᠯᠦᠭᠰᠡᠨ ᠦᠵᠡᠮᠵᠢ ᠶᠢᠨ ᠭᠠᠵᠠᠷ ᠬᠦᠮᠦᠰ ᠤᠨ ᠨᠢᠳᠤᠨ ᠡᠮᠦᠨ᠎ᠡ ᠢᠯᠡᠷᠡᠨ᠎ᠡ︾ ᠭᠡᠵᠤ ᠦᠪᠦᠷ ᠮᠤᠩᠭᠤᠯ ᠤᠨ ᠬᠤᠩ ᠵᠢᠤᠢ ᠪᠤᠳᠠᠳᠤ ᠦᠢᠯᠡᠰ ᠤᠨ ᠺᠤᠮᠫᠠᠨᠢ ︵PPP ᠲᠦᠷᠦᠯ ᠵᠦᠢᠯ ᠤᠨ ᠺᠤᠮᠫᠠᠨᠢ ᠶᠢᠨ ᠵᠠᠰᠠᠭ ᠤᠨ ᠤᠷᠳᠤᠨ ᠤ ᠪᠡᠯᠡ ᠤᠷᠤᠭᠤᠯᠬᠤ ᠲᠠᠯ᠎ᠠ ᠶᠢᠨ ᠲᠦᠯᠦᠭᠡᠯᠡᠭᠴᠢ ︶᠎ ᠶᠢᠨ ᠭᠡᠷᠡᠭ ᠮᠡᠳᠡᠭᠴᠢᠳ ᠤᠨ ᠳᠠᠷᠤᠭ᠎ᠠ ᠵᠠᠩ ᠫᠧᠩ ᠲᠠᠨᠢᠯᠴᠠᠭᠤᠯᠵᠠᠢ᠃        ᠦᠢᠯᠠᠭᠠᠭᠰᠠᠨ ᠢᠶᠠᠷ᠂ ᠲᠤᠰ ᠲᠦᠷᠦᠯ ᠵᠦᠢᠯ ᠳᠤ ᠨᠡᠶᠢᠲᠡ 3.3 ᠳ᠋ᠦᠩᠰᠢᠭᠤᠷ ᠲᠦᠬᠦᠷᠢᠭ ᠪᠡᠯᠡ ᠤᠷᠤᠭᠤᠯᠤᠨ ᠂ ᠪᠠᠷᠢᠯᠭ᠎ᠠ ᠶᠢᠨ ᠶᠠᠷᠦᠩᠭᠡᠢ ᠲᠠᠯᠠᠪᠠᠢ 41406 ᠬᠠᠪᠳᠠᠭᠠᠢ ᠲᠦᠷᠪᠡᠯᠵᠢᠨ ᠮᠧᠲᠷ ᠪᠠᠶᠢᠵᠤ᠂ ᠡᠬᠦᠨ ᠳᠤ ᠮᠦᠽᠸᠢ ᠶᠢᠨ ᠲᠠᠯᠠᠪᠠᠢ 5500 ᠬᠠᠪᠳᠠᠭᠠᠢ ᠲᠦᠷᠪᠡᠯᠵᠢᠨ ᠮᠧᠳ᠋ᠷ ᠪᠠᠶᠢᠵᠤ᠂ ᠵᠤᠭᠠᠴᠠᠯ ᠬᠤᠳᠠᠯᠳᠤᠭ᠎ᠠ ᠶᠢ ᠤᠶᠠᠯᠳᠤᠭᠤᠯᠤᠭᠰᠠᠨ ᠲᠦᠪ 3555 ᠬᠠᠪᠳᠠᠭᠠᠢ ᠲᠦᠷᠪᠡᠯᠵᠢᠨ ᠮᠧᠲᠷ ᠪᠠᠶᠢᠵᠤ᠂ ᠵᠤᠭᠠᠴᠠᠭᠰᠠᠳ ᠢ ᠬᠦᠯᠢᠶᠠᠨ ᠵᠤᠴᠢᠯᠠᠬᠤ ᠲᠦᠪ 32351 ᠬᠠᠪᠳᠠᠭᠠᠢ ᠲᠦᠷᠪᠡᠯᠵᠢᠨ ᠮᠧᠲᠷ ᠬᠦᠷᠴᠡᠢ᠃ ᠤᠳᠤᠬᠠᠨ ᠳᠤ ᠲᠤᠰ ᠰᠢᠶᠠᠨ ᠭᠤᠤᠯᠳᠠᠯᠭᠠᠳᠤ ᠲᠦᠷᠦᠯ ᠵᠦᠢᠯ ᠤᠨ ᠪᠠᠷᠢᠯᠭ᠎ᠠ ᠶᠢ ᠲᠦᠷᠭᠡᠳᠭᠡᠵᠤ ᠡᠷᠲᠡ ᠠᠰᠢᠭᠯᠠᠯᠲᠠ ᠳᠤ ᠤᠷᠤᠭᠤᠯᠬᠤ ᠪᠠᠷ ᠮᠠᠷᠡᠶᠢᠨ ᠴᠢᠷᠮᠠᠶᠢᠵᠤ᠂ ᠲᠤᠯᠤᠨ ᠨᠤᠤᠷ ᠰᠢᠶᠠᠨ ᠤ ᠰᠤᠶᠤᠯ ᠢᠷᠭᠡᠨᠰᠢᠯ ᠤᠨ ᠮᠦᠽᠸᠢ ᠶᠢᠨ ᠠᠭᠤᠳᠠᠮ ᠲᠠᠯᠠᠪᠠᠢ ᠶᠢ ᠪᠠᠭᠳᠠᠭᠠᠭᠰᠠᠨ 13 ᠲᠦᠷᠦᠯ ᠵᠦᠢᠯ ᠪᠠᠷᠢᠯᠭ᠎ᠠ ᠡᠬᠢᠯᠡᠵᠠᠢ᠃    
   2017 ᠤᠨ ᠳᠤ᠂ ᠲᠤᠯᠤᠨ ᠨᠤᠤᠷ ᠰᠢᠶᠠᠨ 1000 ᠲᠦᠮᠡᠨ ᠲᠦᠬᠦᠷᠢᠭ ᠠᠴᠠ ᠲᠡᠭᠡᠭᠰᠢ 80 ᠰᠢᠶᠠᠨ ᠤ ᠲᠡᠰ ᠤᠨ ᠭᠤᠤᠯᠳᠠᠯᠭᠠᠳᠤ ᠲᠦᠷᠦᠯ ᠵᠦᠢᠯ ᠢ ᠨᠦᠭᠡᠴᠡᠯᠡᠵᠤ᠂ ᠡᠬᠦᠨ ᠳᠤ 55 ᠲᠦᠷᠦᠯ ᠵᠦᠢᠯ ᠢ ᠵᠠᠯᠭᠠᠨ ᠪᠠᠶᠢᠭᠤᠯᠵᠤ ᠪᠠᠶᠢᠬᠤ ᠪᠤᠶᠤ ᠰᠢᠨ᠎ᠠ ᠪᠠᠷ ᠪᠠᠶᠢᠭᠤᠯᠵᠤ᠂ 25 ᠲᠦᠷᠦᠯ ᠵᠦᠢᠯ ᠤᠨ ᠪᠡᠯᠡᠳᠭᠡᠯ ᠠᠵᠢᠯ ᠢ ᠦᠷᠨᠢᠬᠦᠯᠵᠤ ᠪᠠᠶᠢᠨ᠎ᠠ᠃ ᠡᠬᠦᠨ ᠳᠤ ᠠᠶᠢᠮᠠᠭ ᠤᠨ ᠲᠠᠰ ᠤᠨ ᠭᠤᠤᠯᠳᠠᠯᠭᠠᠳᠤ ᠲᠦᠷᠤᠯ ᠵᠦᠢᠯ 6 ᠪᠠᠶᠢᠵᠤ᠂ 26.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠲᠡᠷᠦᠢ ᠵᠦᠩ ᠳ᠋ᠢᠶᠠᠨ ᡁᠢ ᠶᠦᠨ ᠲᠤᠯᠤᠨ ᠨᠤᠤᠷ ᠲᠤᠮᠤ ᠳ᠋ᠠᠶᠢᠲ᠋ᠠ ᠶᠢᠨ ᠠᠵᠤ ᠦᠢᠯᠡᠰ ᠤᠨ ᠲᠤᠭᠤᠷᠢᠭ᠂ ᠲᠤᠯᠤᠨ ᠨᠤᠤᠷ ᠤᠨ ᠯᠤᠸᠠᠨ ᠾᠧ ᠭᠤᠤᠯ ᠤᠨ ᠤᠷᠤᠰᠬᠠᠯ ᠤᠨ ᠤᠷᠤᠨ ᠤ ᠵᠠᠰᠠᠯᠳᠠ᠂ ᠨᠡᠬᠦᠷᠡᠰᠦᠲᠦ᠋ᠷᠦᠭᠴᠢ ᠶᠢ ᠬᠤᠷᠠᠮᠳᠤᠭᠤᠯᠬᠤ ᠦᠵᠡᠮᠵᠢ ᠶᠢᠨ ᠠᠵᠤ ᠠᠬᠤᠢ ᠶᠢᠨ ᠤᠢ᠂ ᠤᠷᠤᠨ ᠪᠦᠰᠡ ᠶᠢᠨ ᠤᠰᠤᠨ ᠰᠢᠰᠲ᠋ᠧᠮ ᠵᠢᠴᠢ ᠤᠰᠤᠨ ᠤ ᠤᠷᠴᠢᠨ ᠢ ᠶᠡᠷᠦᠩᠭᠡᠶᠢᠯᠡᠨ ᠵᠠᠰᠠᠬᠤ ᠢᠨᠵᠧᠨᠧᠷᠢᠩ᠂ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠤᠯᠤᠨ ᠨᠤᠤᠷ ᠤᠨ ᠰᠤᠶᠤᠯ ᠤᠨ ᠮᠦᠽᠸᠢ ᠶᠢᠨ ᠠᠭᠤᠳᠠᠮ ᠲᠠᠯᠠᠪᠠᠢ ᠶᠢᠨ ᠲᠦᠷᠦᠯ ᠵᠦᠢᠯ ᠵᠡᠷᠭᠡ ᠪᠠᠭᠳᠠᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠎ ᠤ ᠮᠤᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号