ᠹᠦ᠋ ᠸᠠᠨ ᠬᠤᠢ 2017 ᠤᠨ ᠤ ᠠᠶᠢᠮᠠᠭ ᠤᠨ ᠵᠠᠬᠢᠷᠭ᠎ᠠ ᠶᠢᠨ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/7/6
   6 ᠳ᠋ᠤᠭᠠᠷ ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ 2017 ᠤᠨ ᠤ ᠠᠶᠢᠮᠠᠭ ᠤᠨ ᠵᠠᠬᠢᠷᠭ᠎ᠠ ᠶᠢᠨ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦ᠋ ᠰᠢᠶᠤᠤ ᠯᠢᠨ ᠤ ᠬᠤᠷᠢᠨᠭᠡᠷ ᠰᠢᠨ᠎ᠠ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠵᠤᠬᠢᠴᠠᠭᠤᠯᠬᠤ ᠤᠳᠤᠷᠢᠳᠬᠤ ᠲᠤᠭᠤᠢᠢᠯᠠᠩ ᠤᠨ ᠠᠵᠢᠯ ᠤᠨ ᠬᠤᠷᠠᠯ ᠲᠡᠭᠡᠷᠠᠭᠢ ᠶᠠᠷᠢᠶ᠎ᠠ ᠪᠤᠯᠤᠨ ︽ᠭᠠᠨᠰᠤ ᠶᠢᠨ ᠴᠢ ᠯᠢᠶᠠᠨ ᠱᠠᠨ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠢ ᠱᠠᠭᠠᠷᠳᠠᠨ ᠪᠠᠶᠢᠴᠠᠭᠠᠭᠰᠠᠨ ᠪᠠᠶᠢᠳᠠᠯ ᠵᠢᠴᠢ ᠰᠤᠷᠭᠠᠮᠵᠢ ᠶᠢᠨ ᠮᠡᠳᠡᠬᠦᠯᠦᠯᠲᠡ︾ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠬᠦᠷᠡᠰᠤᠨ ᠲᠠᠪᠬᠤᠷᠭ᠎ᠠ ᠶᠢᠨ ᠭᠡᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠬᠤᠳᠠ ᠶᠢᠨ ᠬᠠᠭᠤᠴᠢᠨ ᠤᠷᠤᠨ ᠰᠠᠭᠤᠴᠠ ᠶᠢ ᠦᠭᠡᠷᠡᠴᠢᠯᠡᠨ ᠰᠢᠨᠡᠳᠭᠡᠬᠦ ᠠᠵᠢᠯ ᠳᠤ ᠪᠡᠯᠡ ᠬᠤᠷᠠᠮᠳᠤᠭᠤᠯᠬᠤ ᠵᠡᠷᠭᠡ ᠠᠵᠢᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭᠠᠳᠤ ᠠᠵᠢᠯ ᠢ ᠪᠠᠶᠢᠷᠢᠯᠠᠭᠤᠯᠵᠠᠢ᠃        ᠡᠯ᠎ᠡ ᠭᠠᠵᠠᠷ ᠡᠯ᠎ᠡ ᠰᠠᠯᠠᠭ᠎ᠠ ᠮᠦᠴᠢᠷ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠨ ᠠᠳᠬᠤᠵᠤ᠂ ᠰᠠᠨᠠᠭᠠᠴᠢᠯᠠᠭᠠᠳᠠᠢ ᠠᠵᠢᠯᠯᠠᠵᠤ᠂ ᠠᠷᠭ᠎ᠠ ᠪᠠᠷᠢᠯ ᠢᠶᠠᠨ ᠴᠢᠩᠭᠠᠳᠬᠠᠵᠤ᠂ ᠪᠤᠳᠠᠳᠠᠢ ᠨᠠᠶᠢᠳᠠᠪᠦᠷᠢᠵᠢᠭᠤᠯᠬᠤ ᠭᠡᠷᠡᠭᠲᠡᠢ᠃ ᠲᠤᠭᠳᠠᠭᠤᠨ ᠨᠡᠮᠡᠭᠲᠡᠯ ᠢ ᠪᠠᠳᠤᠯᠠᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠬᠦᠷᠢ ᠶᠢ ᠢᠯᠡᠨ ᠲᠠᠪᠠᠭ᠋ᠤ ᠵᠡᠷᠭᠡ ᠠᠵᠢᠯ ᠢ ᠪᠠᠳᠤᠳᠠᠢ ᠠᠬᠢᠭᠤᠯᠵᠤ᠂ ᠡᠬᠦᠷᠭᠡ ᠬᠠᠷᠠᠯᠳᠠ ᠪᠠᠨ ᠪᠡᠶᠡᠯᠡᠬᠦᠯᠬᠦ ᠭᠡᠷᠡᠭᠲᠡᠢ᠃ ᠠᠶᠦᠯᠬᠦᠢ ᠦᠢᠯᠡᠳᠪᠦᠷᠢᠯᠡᠯ ᠤᠨ ᠬᠢᠨᠡᠨ ᠬᠠᠮᠢᠶᠠᠷᠤᠯᠳᠠ ᠶᠢᠨ ᠬᠠᠤᠯᠢ ᠭᠡᠷᠡᠭᠵᠢᠬᠦᠯᠦᠯᠲᠡ ᠪᠠᠨ ᠴᠢᠩᠭᠠᠳᠬᠠᠵᠤ᠂ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠴᠢᠩᠳᠠᠯᠠᠵᠤ᠂ ᠠᠶᠦᠯᠬᠦᠢ ᠦᠢᠯᠡᠳᠪᠦᠷᠢᠯᠡᠯ ᠤᠨ ᠲᠤᠭᠳᠠᠭᠤᠨ ᠬᠠᠨᠳᠤᠰᠢ ᠶᠢ ᠪᠠᠳᠤᠯᠠᠬᠤ ᠭᠡᠷᠡᠭᠲᠡᠢ᠃ ᠤᠳᠤᠬᠠᠨ ᠤ ᠭᠠᠩ ᠲᠠᠢ ᠲᠡᠮᠡᠴᠡᠵᠤ ᠦᠶᠡᠷ ᠢ ᠰᠡᠷᠭᠡᠶᠢᠯᠡᠬᠦ ᠡᠯ᠎ᠡ ᠲᠠᠯ᠎ᠠ ᠶᠢᠨ ᠠᠵᠢᠯ ᠢ ᠪᠠᠳᠤᠳᠠᠢ ᠠᠳᠬᠤᠵᠤ᠂ ᠬᠤᠬᠢᠷᠠᠯ ᠢ ᠪᠠᠭᠠᠰᠬᠠᠬᠤ ᠭᠡᠷᠡᠭᠲᠡᠢ᠃ ᠲᠡᠭᠡᠲᠦ ᠭᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠭᠡ ᠪᠠᠷ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠬᠤ ᠭᠡᠷᠡᠭᠲᠡᠢ ᠭᠡᠵᠤ ᠬᠤᠷᠠᠯ ᠠᠴᠠ ᠴᠢᠬᠤᠯᠠᠴᠢᠯᠠᠵᠠᠢ᠃        ᠴᠢ ᠯᠢᠶᠠᠨ ᠱᠠᠨ ᠤ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠠᠴᠠ ᠰᠤᠷᠭᠠᠮᠵᠢ ᠠᠪᠴᠤ᠂ ᠠᠮᠢ ᠠᠬᠤᠢ ᠪᠠᠷ ᠤᠷᠢᠳᠠᠯ ᠪᠤᠯᠭᠠᠬᠤ᠂ ᠪᠤᠬᠢᠷᠲᠤᠯ ᠦᠭᠡᠢ ᠬᠦᠭᠵᠢᠯᠲᠡ ᠶᠢᠨ ᠦᠢᠯᠠᠭᠠᠭᠳᠠᠬᠤᠨ ᠢ ᠪᠠᠳᠤ ᠪᠤᠢ ᠪᠤᠯᠭᠠᠵᠤ᠂ ᠲᠦᠪ᠂ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠰᠠᠨᠠᠯ ᠢ ᠨᠠᠶᠢᠳᠠᠪᠦᠷᠢᠵᠢᠭᠤᠯᠵᠤ᠂ ᠰᠢᠯᠢ ᠶᠢᠨ ᠭᠤᠤᠯ ᠤᠨ ᠲᠠᠯ᠎ᠠ ᠨᠤᠳᠤᠭ ᠢᠶᠠᠨ ᠬᠠᠮᠠᠭᠠᠯᠠᠨ ᠪᠦᠲᠦᠭᠡᠨ ᠪᠠᠶᠢᠭᠤᠯᠵᠤ᠂ ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠬᠤ ᠭᠡᠷᠡᠭᠲᠡᠢ ᠭᠡᠵᠤ ᠬᠤᠷᠠᠯ ᠠᠴᠠ ᠴᠢᠬᠤᠯᠠᠴᠢᠯᠠᠵᠠᠢ ᠃        ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠᠷ ᠤᠷᠢᠳᠠᠯ ᠪᠤᠯᠭᠠᠵᠤ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠠᠷ ᠪᠤᠳᠠᠳᠤ ᠬᠦᠴᠦᠨ ᠴᠢᠩᠭ᠎ᠠ᠂ ᠪᠤᠯᠪᠠᠰᠤᠷᠠᠩᠭᠤᠢ ᠮᠡᠷᠭᠡᠵᠢᠯ ᠲᠠᠢ ᠠᠵᠤ ᠠᠬᠤᠢᠢᠯᠠᠯ ᠢ ᠲᠡᠮᠵᠢᠵᠤ᠂ ᠡᠬᠢ ᠪᠠᠶᠠᠯᠢᠭ ᠢ ᠬᠠᠤᠯᠢ ᠲᠤᠭᠳᠠᠭᠠᠯ ᠶᠤᠰᠤᠭᠠᠷ ᠨᠡᠭᠡᠭᠡᠨ ᠠᠰᠢᠭᠯᠠᠬᠤ ᠭᠡᠷᠡᠭᠲᠡᠢ᠃ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠬᠠᠮᠢᠶ᠎ᠠ ᠪᠦᠬᠦᠢ ᠲᠦᠷᠢᠮ ᠲᠤᠭᠳᠠᠭᠠᠯ ᠱᠠᠭᠠᠷᠳᠠᠯᠭ᠎ᠠ ᠪᠠᠷ ᠬᠠᠭᠤᠴᠢᠨ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠦᠢᠯᠡᠴᠢᠯᠡᠭᠡ ᠶᠢ ᠬᠤᠳᠠᠯᠳᠤᠨ ᠠᠪᠬᠤ ᠳᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠤᠯᠤᠨ ᠬᠢᠨᠠᠨ ᠪᠠᠶᠢᠴᠠᠭᠠᠯᠳᠠ ᠶᠢ ᠰᠠᠶᠢᠳᠤᠷ ᠬᠢᠵᠤ᠂ ᠪᠡᠯᠡ ᠮᠦᠩᠬᠦ ᠶᠢᠨ ᠭᠡᠷᠡᠭᠯᠡᠯᠲᠡ ᠶᠢ ᠴᠢᠩᠭ᠎ᠠ ᠬᠢᠨᠠᠨ ᠬᠠᠮᠢᠶᠠᠷᠴᠤ᠂ ᠤᠯᠠᠨ ᠲᠦᠮᠡᠨ ᠢ ᠬᠠᠨᠤᠮᠵᠢᠲᠠᠢ ᠪᠠᠶᠢᠯᠭᠠᠬᠤ ᠭᠡᠷᠡᠭᠲᠡᠢ ᠭᠡᠵᠤ ᠬᠤᠷᠠᠯ ᠠᠴᠠ ᠴᠢᠬᠤᠯᠠᠴᠢᠯᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ  ᠤ ᠮᠤᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号