6 ᠳ᠋ᠤᠭᠠᠷ ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ | ᠰᠢᠯᠢ ᠶᠢᠨ ᠭᠤᠤᠯ ᠤᠨ ᠲᠠᠯ᠎ᠠ ᠨᠤᠳᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ | ᠬᠦᠷᠴᠤ᠂ ᠲᠦᠪ᠂ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠭᠰᠠᠨ ᠰᠠᠨᠠᠯ ᠢ ᠨᠠᠶᠢᠳᠠᠪᠦᠷᠢᠵᠢᠭᠤᠯᠤᠬᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠤ᠂ ᠶᠡᠷᠦᠩᠭᠡᠢ | ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠴᠢᠬᠤᠯᠠ ᠦᠬᠦᠯᠡᠯᠲᠡ ᠶᠢ | ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠦᠵᠡᠰᠭᠦᠯᠡᠩᠳᠦ ᠰᠠᠶᠢᠬᠠᠨ ᠠᠭᠤᠯᠠ ᠤᠰᠤ ᠪᠤᠯ ᠬᠠᠮᠤᠬ ᠤᠨ ᠦᠨᠡᠳᠦ | ᠡᠷᠳᠡᠨᠢᠰ ᠮᠦᠨ︾ ᠬᠡᠬᠦ ᠪᠤᠬᠢᠷᠲᠦᠯ ᠦᠭᠡᠢ ᠬᠦᠭᠵᠢᠯᠲᠡ ᠶᠢᠨ ᠦᠢᠯᠠᠭᠠᠭᠳᠠᠬᠤᠨ ᠢ ᠤᠯᠠᠮ ᠴᠢᠩᠭᠠᠳᠬᠠᠵᠤ᠂ | ᠲᠡᠭᠡᠲᠦ ᠭᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠭᠡ ᠪᠠᠷ ᠠᠮᠢ ᠠᠬᠤᠢ ᠶᠢᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠠᠳᠬᠤᠵᠤ᠂ ᠲᠦᠪ᠂ ᠦᠪᠡᠷᠲᠡᠭᠡᠨ ᠵᠠᠰᠠᠬᠤ ᠤᠷᠤᠨ ᠤ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠰᠠᠨᠠᠯ ᠢ ᠰᠠᠶᠢᠳᠤᠷ ᠨᠠᠶᠢᠳᠠᠪᠦᠷᠢᠵᠢᠭᠤᠯᠵᠤ᠂ ᠰᠢᠯᠢ ᠶᠢᠨ | ᠭᠤᠤᠯ ᠤᠨ ᠠᠭᠠᠷ ᠳᠡᠭᠷᠢ ᠶᠢ ᠨᠡᠩ ᠴᠡᠪᠡᠷ᠂ ᠠᠭᠤᠯᠠ ᠤᠰᠤ ᠶᠢ ᠨᠡᠩ ᠨᠤᠮᠢᠨ ᠪᠠᠶᠢᠯᠭᠠᠵᠤ᠂ | ᠦᠨᠳᠤᠰᠤᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢ ᠨᠡᠩ ᠲᠤᠬᠢᠯᠢᠭ ᠪᠤᠯᠭᠠᠬᠤ ᠭᠡᠷᠡᠭᠲᠡᠢ ᠭᠡᠵᠤ | ᠴᠢᠬᠤᠯᠠᠴᠢᠯᠠᠵᠠᠢ᠃ | ᠯᠦᠸᠧ ᠬᠤ᠋ ᠽᠠᠢ ᠰᠢᠯᠢ ᠶᠢᠨ ᠬᠤᠳᠠ ᠶᠢᠨ ᠤᠤᠯ ᠤᠨ ᠬᠤᠩ ᠱᠠᠨ ᠴᠢᠯᠠᠭᠤ ᠮᠠᠯᠳᠠᠬᠤ ᠲᠠᠯᠠᠪᠤᠷ᠂ ᠪᠠᠶᠠᠨᠰᠢᠯᠢ | ᠮᠠᠯᠵᠢᠯ ᠤᠨ ᠲᠠᠯᠠᠪᠠᠢ ᠶᠢᠨ ᠤᠯᠤᠮ ᠬᠦᠬᠦᠷᠭᠡ ᠶᠢᠨ ᠦᠵᠡᠮᠵᠢ ᠶᠢᠨ ᠤᠷᠤᠨ᠂ ᠬᠤᠩ ᠶᠤᠸᠠᠨ ᠤᠳᠤ ᠦᠶ᠎ᠠ ᠶᠢᠨ ᠮᠠᠯ | ᠠᠵᠤ ᠠᠬᠤᠢ ᠶᠢᠨ ᠺᠤᠮᠫᠠᠨᠢ ᠶᠢᠨ ᠳᠡᠵᠢᠭᠡᠯ ᠡᠪᠡᠰᠤᠨ ᠤ ᠰᠠᠭᠤᠷᠢᠨ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ | ᠤᠷᠤᠨ ᠤ ᠤᠬᠠᠭᠤᠯᠭ᠎ᠠ ᠬᠦᠮᠤᠵᠢᠯ ᠤᠨ ᠲᠦᠪ ᠲᠤ ᠬᠦᠷᠴᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ | ᠪᠠᠶᠢᠳᠠᠯ ᠢ ᠦᠢᠯᠠᠭᠠᠵᠤ᠂ ᠬᠠᠮᠠᠭᠠᠯᠠᠯᠲᠠ ᠶᠢᠨ ᠤᠷᠤᠨ ᠳᠠᠬᠢ ᠠᠭᠤᠷᠬᠠᠢ ᠶᠢᠨ ᠠᠵᠤ ᠠᠬᠤᠢᠢᠯᠠᠯ ᠢ ᠨᠡᠬᠦᠯᠭᠡᠨ | ᠭᠠᠷᠭᠠᠬᠤ᠂ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ᠂ ᠭᠠᠩ ᠲᠠᠢ ᠲᠡᠮᠡᠴᠡᠵᠤ ᠬᠤᠷᠤᠬᠠᠢ ᠰᠢᠪᠠᠵᠢ ᠶᠢᠨ | ᠬᠦᠨᠦᠭᠡᠯ ᠢ ᠰᠡᠷᠭᠡᠶᠢᠯᠡᠬᠦ ᠦᠶᠡᠷ ᠢ ᠰᠡᠷᠭᠡᠶᠢᠯᠡᠬᠦ ᠵᠡᠷᠭᠡ ᠠᠵᠢᠯ ᠤᠨ ᠲᠤᠬᠠᠢ ᠪᠦᠬᠦ ᠲᠠᠯ᠎ᠠ ᠪᠠᠷ ᠦᠢᠯᠠᠭᠠᠵᠠᠢ᠃ ᠯᠦᠸᠧ | ᠬᠤ᠋ ᠽᠠᠢ ᠵᠢᠭᠠᠬᠤ ᠳᠠᠭᠠᠨ᠂ ᠰᠢᠯᠢ ᠶᠢᠨ ᠭᠤᠤᠯ ᠤᠨ ᠲᠠᠯ᠎ᠠ ᠨᠤᠳᠤᠭ ᠢ ᠰᠠᠶᠢᠳᠤᠷ ᠬᠠᠮᠠᠭᠠᠯᠠᠬᠤ ᠨᠢ ᠡᠯ᠎ᠡ ᠱᠠᠳᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ᠎ᠠ᠃ | ᠡᠯ᠎ᠠ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ | ᠰᠢᠨᠵᠢᠯᠡᠨ ᠪᠠᠶᠢᠴᠠᠭᠠᠬᠤ ᠦᠶ᠎ᠠ ᠶᠢᠨ ᠬᠦᠨᠳᠤ ᠨᠠᠶᠢᠳᠠᠯᠭ᠎ᠠ ᠶᠢ ᠪᠠᠳᠤ ᠴᠡᠬᠡᠵᠢᠯᠠᠵᠤ᠂ ᠲᠦᠪ ᠪᠤᠯᠤᠨ ᠦᠪᠡᠷᠲᠡᠭᠡᠨ | ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠲᠤᠬᠠᠢ | ᠰᠢᠢᠳᠪᠦᠷᠢᠳᠤ ᠪᠠᠶᠢᠷᠢᠯᠠᠭᠤᠯᠤᠯᠲᠠ ᠶᠢ ᠰᠠᠶᠢᠳᠤᠷ ᠨᠠᠶᠢᠳᠠᠪᠦᠷᠢᠵᠢᠭᠤᠯᠵᠤ᠂ ᠤᠯᠤᠰ ᠲᠦᠷᠦ ᠶᠢᠨ ᠵᠤᠭᠰᠤᠴᠡ ᠪᠠᠨ | ᠪᠠᠳᠤᠳᠬᠠᠵᠤ᠂ ᠠᠮᠢ ᠠᠬᠤᠢ ᠶᠢᠨ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠪᠤᠬᠢᠷᠲᠦᠯ ᠦᠭᠡᠢ | ᠬᠦᠭᠵᠢᠯᠲᠡ ᠶᠢᠨ ᠦᠢᠯᠠᠭᠠᠭᠳᠠᠬᠤᠨ ᠢ ᠪᠠᠳᠤ ᠪᠤᠢ ᠪᠤᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠠᠵᠢᠯ ᠤᠨ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠲᠡᠢ ᠭᠡᠪᠡ᠃ | ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠲᠤᠰᠬᠠᠭᠰᠠᠨ ᠰᠠᠨᠠᠯ ᠢ | ᠰᠠᠶᠢᠳᠤᠷ ᠨᠠᠶᠢᠳᠠᠪᠦᠷᠢᠵᠢᠭᠤᠯᠬᠤ ᠭᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ | ᠵᠠᠰᠠᠯᠳᠠ ᠶᠢ ᠴᠢᠩᠭᠠᠳᠬᠠᠵᠤ᠂ ᠴᠡᠪᠡᠷᠯᠡᠨ ᠴᠡᠭᠴᠡᠯᠡᠵᠤ᠂ ᠨᠡᠭᠦᠯᠭᠡᠨ ᠲᠦᠪᠬᠢᠨᠡᠬᠦᠯᠬᠦ ᠠᠵᠢᠯ ᠢ ᠰᠠᠶᠢᠳᠤᠷ ᠬᠢᠵᠤ᠂ | ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷᠵᠢᠯ ᠲᠠᠢ ᠪᠠᠶᠡᠯᠡᠬᠦᠯᠬᠦ ᠭᠡᠷᠡᠭᠲᠡᠢ᠃ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠰᠠᠨᠠᠯ ᠢ ᠨᠠᠶᠢᠳᠠᠪᠦᠷᠢᠵᠢᠭᠤᠯᠬᠤ ᠪᠠᠷ ᠲᠤᠬᠢᠶᠠᠯ ᠪᠤᠯᠭᠠᠵᠤ᠂ | ᠭᠤᠤᠯᠳᠠᠯᠭᠠᠳᠤ ᠠᠮᠢ ᠠᠬᠤᠢ ᠶᠢᠨ ᠰᠡᠷᠬᠦᠭᠡᠯᠲᠡ ᠶᠢᠨ ᠲᠦᠷᠦᠯ ᠵᠦᠢᠯ ᠢ ᠭᠡᠷᠡᠭᠵᠢᠬᠦᠯᠵᠤ᠂ ᠰᠢᠨ᠎ᠠ ᠨᠢᠭᠡᠨ | ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠮᠠᠯ ᠪᠡᠯᠴᠢᠭᠡᠷ ᠤᠨ ᠲᠠᠩᠴᠡᠬᠦᠷᠢ ᠶᠢ ᠪᠠᠳᠤᠯᠠᠬᠤ ᠲᠦᠷᠢᠮ | ᠵᠡᠷᠭᠡ ᠶᠢ ᠴᠢᠩᠭ᠎ᠠ ᠭᠡᠷᠡᠭᠵᠢᠬᠦᠯᠵᠤ᠂ ᠰᠢᠯᠢ ᠶᠢᠨ ᠭᠤᠤᠯ ᠤᠨ ᠤᠯᠤᠰ ᠤᠨ ᠲᠠᠰ ᠤᠨ ᠲᠠᠯ᠎ᠠ ᠨᠤᠳᠤᠭ ᠤᠨ | ᠴᠡᠴᠡᠷᠯᠢᠭ ᠢ ᠪᠠᠶᠢᠭᠤᠯᠬᠤ ᠠᠵᠢᠯ ᠢ ᠰᠠᠶᠢᠳᠤᠷ ᠠᠳᠬᠤᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠠ ᠪᠦᠲᠦᠭᠡᠯ ᠢ ᠪᠠᠳᠤᠳᠬᠠᠬᠤ ᠭᠡᠷᠡᠭᠲᠡᠢ᠃ ᠤᠰᠤᠨ ᠤ ᠤᠷᠴᠢᠨ ᠲᠤᠭᠤᠷᠢᠨ ᠤ ᠵᠠᠰᠠᠯᠳᠠ ᠶᠢ ᠴᠢᠩᠭᠠᠳᠬᠠᠵᠤ᠂ | ᠭᠤᠤᠯ ᠤᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠦᠷᠢᠵᠢᠭᠤᠯᠵᠤ᠂ ᠤᠰᠤᠨ ᠤ ᠴᠢᠨᠠᠷ ᠢ ᠬᠢᠨᠠᠨ | ᠭᠡᠮᠵᠢᠨ ᠵᠠᠳᠠᠯᠬᠤ ᠶᠢ ᠰᠠᠶᠢᠳᠤᠷ ᠠᠳᠬᠤᠵᠤ᠂ ᠬᠢᠵᠠᠭᠠᠷ ᠲᠠᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠭᠡᠷᠡᠭᠲᠡᠢ᠃ | ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭ᠎ᠠ ᠭᠡᠷᠡᠭᠵᠢᠬᠦᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠷᠢᠶ᠎ᠠ | ᠲᠤᠭᠤᠷᠢᠭ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ ᠡᠳᠦᠷ ᠲᠤᠳᠤᠮ ᠤᠨ | ᠬᠠᠮᠢᠶᠠᠷᠤᠯᠳᠠ ᠪᠤᠯᠤᠨ ᠬᠠᠤᠯᠢ ᠭᠡᠷᠡᠭᠵᠢᠬᠦᠯᠦᠨ ᠪᠠᠶᠢᠴᠠᠭᠠᠬᠤ ᠶᠢ ᠤᠶᠠᠯᠳᠤᠭᠤᠯᠤᠨ᠂ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠤᠷᠳᠤ ᠬᠤᠭᠤᠴᠠᠭᠠᠨ ᠤ ᠲᠤᠭᠳᠠᠴᠠ ᠶᠢ | ᠪᠠᠶᠢᠭᠤᠯᠤᠨ ᠲᠡᠬᠦᠯᠲᠡᠷᠵᠢᠬᠦᠯᠬᠦ ᠭᠡᠷᠡᠭᠲᠡᠢ ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠤᠤ ᠳ᠋ᠧ ᠶᠦᠩ᠂ | ᠠᠶᠢᠮᠠᠭ ᠤᠨ ᠳᠡᠳ᠋ ᠲᠠᠷᠤᠭ᠎ᠠ ᠦᠯᠵᠡᠢ᠂ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ | ᠪᠡᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠠᠢ᠃ |