ᠢᠤᠢ ᠵᠸᠡᠭ ᠱᠸᠡᠭ ᠲᠦᠪ ᠤᠨ ᠲᠦᠯᠦᠭᠡᠯᠡᠭᠴᠢᠳ ᠤᠨ ᠪᠦᠯᠭᠦᠮ ᠢ ᠲᠠᠭᠠᠭᠤᠯᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠳᠤ ᠤᠷᠤᠯᠴᠠᠬᠤ ᠪᠠᠷ ᠨᠢᠰᠭᠡᠯ ᠢᠶᠠᠷ ᠬᠦᠬᠡᠬᠤᠳᠠ ᠳᠤ ᠬᠦᠷᠴᠤ ᠢᠷᠡᠪᠡ
ᠨᠡᠶᠢᠲᠡᠯᠡᠭᠰᠡᠨ ᠴᠠᠭ᠄
2017/8/10
     
    ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠪᠠᠶᠢᠡᠭᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠢᠤᠢ ᠵᠸᠡᠭ ᠱᠸᠡᠭ ᠢᠶᠠᠷ ᠪᠦᠯᠬᠦᠮ ᠤᠨ ᠲᠠᠷᠤᠭ᠎ᠠ ᠪᠤᠯᠭᠠᠬᠰᠠᠨ ᠲᠦᠪ ᠤᠨ ᠲᠦᠯᠦᠭᠡᠯᠡᠭᠴᠢᠳ ᠤᠨ ᠪᠦᠯᠭᠦᠮ 7 ᠤ ᠦᠳᠡ ᠶᠢᠨ ᠡᠮᠦᠨ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠳᠤ ᠤᠷᠤᠯᠴᠠᠬᠤ ᠪᠠᠷ ᠨᠢᠰᠭᠡᠯ ᠢᠶᠠᠷ ᠬᠦᠬᠡᠬᠤᠳᠠ ᠳᠤ ᠬᠦᠷᠴᠤ ᠢᠷᠡᠪᠡ᠃ ᠲᠦᠪ ᠤᠨ ᠲᠦᠯᠦᠭᠡᠯᠡᠭᠴᠢᠳ ᠤᠨ ᠪᠦᠯᠭᠦᠮ ᠨᠢᠰᠭᠡᠯ ᠤᠨ ᠪᠠᠭᠤᠳᠠᠯ ᠳᠤ ᠮᠠᠨ ᠤ ᠤᠷᠤᠨ ᠤ ᠦᠨᠳᠦᠰᠦᠳᠡᠨ ᠨᠦᠭᠦᠳ ᠤᠨ ᠤᠯᠠᠨ ᠲᠦᠮᠡᠨ ᠤ ᠬᠠᠯᠠᠭᠤᠨ ᠤᠬᠳᠤᠯᠭ᠎ᠠ ᠶᠢ ᠣᠯᠪᠠ᠃           8 ᠰᠠᠷ᠎ᠠ ᠶᠢᠨ ᠦᠪᠤᠷ ᠮᠤᠩᠭᠤᠯ ᠨᠠᠷᠠ ᠲᠤᠶᠠᠭᠠᠷᠠᠵᠦ᠂ ᠰᠠᠯᠭᠢᠨ ᠡᠶᠡᠪᠡᠷᠭᠦᠦ᠃ ᠬᠦᠬᠡᠬᠤᠳᠠ ᠶᠢᠨ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠳᠤ ᠪᠠᠶᠠᠷ ᠤᠨ ᠡᠳᠤᠷ ᠤᠨ ᠪᠠᠶᠠᠷ ᠪᠠᠭ᠋ᠠᠳᠤᠯᠳᠤ ᠠᠭᠤᠷ ᠠᠮᠢᠰᠬᠤᠯ ᠢᠶᠠᠷ ᠪᠢᠯᠬᠠᠨ᠎ᠠ ᠃ ︽ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠬᠠᠶᠢᠷ᠎ᠠ ᠬᠠᠯᠠᠮᠵᠢ ᠳᠤ ᠴᠢᠩ ᠰᠡᠳᠭᠢᠯ ᠤᠨ ᠲᠠᠯᠠᠷᠬᠠᠯ ᠢᠶᠠᠨ ᠲᠡᠪᠰᠢᠭᠦᠯᠦᠶ᠎ᠠ︾ ᠪᠠ ︽ᠲᠦᠪ ᠤᠨ ᠲᠦᠯᠦᠭᠡᠯᠡᠭᠴᠢᠳ ᠤᠨ ᠪᠦᠯᠭᠦᠮ ᠢ ᠪᠠᠶᠠᠷᠯᠠᠨ ᠤᠬᠳᠤᠶ᠎ᠠ︾ ᠭᠡᠭᠦ ᠮᠤᠩᠭᠤᠯ ᠬᠢᠳᠠᠳ ᠬᠤᠶᠠᠷ ᠵᠦᠢᠯ ᠤᠨ ᠦᠰᠦᠭ ᠢᠶᠠᠷ ᠪᠢᠴᠢᠭᠰᠡᠨ ᠤᠷᠢᠶ᠎ᠠ ᠯᠤᠽᠦ᠋ᠡᠭ ᠬᠤᠪᠢ ᠶᠢᠨ ᠭᠠᠳᠠᠨ᠎ᠠ ᠢᠯᠡᠳᠠᠢ ᠬᠠᠷᠠᠬᠳᠠᠨ᠎ᠠ᠃     ᠦᠳᠡ ᠶᠢᠨ ᠡᠮᠦᠨᠡᠭᠢ 10 ᠴᠠᠬ ᠤᠨ ᠦᠶ᠎ᠠ ᠪᠠᠷ᠂ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠰᠠᠭᠤᠭᠰᠠᠨ ᠲᠤᠰᠬᠠᠢ ᠨᠢᠰᠭᠡᠯ ᠠᠯᠭᠤᠷᠬᠠᠨ ᠪᠠᠭᠤᠬᠤ ᠳᠤ᠂ ᠨᠢᠰᠭᠡᠯ ᠤᠨ ᠳᠠᠯᠠᠪᠣᠷ ᠲᠤ ᠬᠦᠯᠢᠶᠠᠵᠦ ᠪᠠᠶᠢᠬᠰᠠᠨ 800 ᠭᠠᠷᠤᠢ ᠬᠦᠮᠤᠨ ᠤ ᠤᠬᠳᠤᠯᠭ᠎ᠠ ᠶᠢᠨ ᠡᠩᠨᠡᠭᠡ ᠠᠴᠠ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠪᠠ ᠤᠤᠬᠠᠢᠢᠯᠠᠬᠤ ᠲᠠᠭᠤᠨ ᠴᠣᠣᠷᠢᠶᠠᠳᠤᠴᠣ᠂ ᠮᠤᠩᠭᠤᠯ ᠵᠠᠰᠠᠯ ᠢᠶᠠᠷ ᠢᠶᠠᠨ ᠭᠤᠶᠤᠯᠠᠬᠰᠠᠨ ᠦᠨᠳᠦᠰᠦᠳᠡᠨ ᠨᠦᠭᠦᠳ ᠤᠨ ᠤᠯᠠᠨ ᠲᠦᠮᠡᠨ ᠲᠠᠭᠤᠯᠠᠨ ᠪᠦᠵᠢᠭᠯᠡᠵᠦ᠂ ᠲᠦᠯᠦᠭᠡᠯᠡᠭᠴᠢᠳ ᠤᠨ ᠪᠦᠯᠭᠦᠮ ᠢ ᠬᠠᠯᠠᠭᠤᠨ ᠢᠶᠠᠷ ᠤᠬᠳᠤᠵᠦ ᠪᠠᠶᠢᠬᠤ ᠰᠡᠳᠬᠢᠯᠭᠡ ᠪᠠᠨ ᠢᠯᠡᠳᠭᠡᠪᠡ᠃ ᠢᠤᠢ ᠵᠸᠡᠭ ᠱᠸᠡᠭ ᠨᠢᠰᠭᠡᠯ ᠤᠨ ᠡᠭᠦᠳᠡ ᠪᠠᠷ ᠠᠯᠬᠤᠨ ᠭᠠᠷᠴᠤ ᠢᠷᠡᠭᠡᠳ ᠤᠬᠳᠤᠯᠭ᠎ᠠ ᠶᠢᠨ ᠡᠩᠨᠡᠭᠡ ᠶᠢᠨ ᠤᠯᠠᠨ ᠲᠦᠮᠡᠨ ᠤ ᠵᠦᠭ ᠭᠠᠷ ᠲᠠᠯᠠᠯᠤᠨ ᠮᠠᠨᠳᠤᠴᠢᠯᠡᠪᠡ᠃      ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠲᠡᠳ᠋ ᠲᠠᠷᠤᠭ᠎ᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠡᠳ᠋ ᠶᠡᠷᠦᠩᠭᠡᠢ ᠰᠠᠶᠢᠳ ᠯᠢᠤ ᠶᠠᠨ ᠳ᠋ᠦᠡᠭ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ ᠲᠦᠪ ᠤᠨ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠰᠦᠨ ᠴᠦᠨ ᠯᠠᠨ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠲᠠᠷᠤᠭ᠎ᠠ ᠵᠠᠩ ᠫᠢᠡᠭ᠂ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠸᠠᠩ ᠵᠸᠡᠭ ᠸᠧᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠳᠡᠰ ᠤᠨ ᠡᠷᠬᠢᠯᠡᠭᠴᠢ ᠵᠠᠩ ᠶᠠᠩ ᠨᠢᠰᠭᠡᠯ ᠤᠨ ᠱᠠᠳᠤ ᠪᠠᠷ ᠬᠠᠮᠳᠤ ᠪᠠᠭᠤᠵᠦ ᠢᠷᠡᠪᠡ᠃ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠪᠦᠷᠢᠯᠳᠤᠬᠦᠨ ᠨᠠᠷ ᠬᠠᠮᠳᠤ ᠬᠦᠷᠴᠤ ᠢᠷᠡᠪᠡ᠃  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠡᠭ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠠᠨᠳᠠᠯᠠᠭᠴᠢ ᠯᠸᠡᠭ ᠵᠢᠶᠧ ᠰᠦᠡᠭ ᠨᠠᠷ ᠨᠢᠰᠭᠡᠯ ᠤᠨ ᠪᠠᠭᠤᠳᠠᠯ ᠳᠤ ᠬᠦᠷᠴᠦ ᠮᠦᠷᠯᠡᠨ ᠵᠢᠬᠰᠠᠵᠦ ᠪᠠᠶᠠᠷᠯᠠᠨ ᠤᠬᠳᠤᠪᠠ᠃ ᠢᠤᠢ ᠵᠸᠡᠭ ᠱᠸᠡᠭ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠪᠦᠷᠢᠯᠳᠤᠬᠦᠨ ᠨᠠᠷ ᠢ ᠲᠠᠭᠠᠭᠤᠯᠣᠨ ᠤᠬᠳᠤᠬᠤ ᠪᠠᠷ ᠢᠷᠡᠭᠰᠡᠨ ᠮᠠᠨ ᠤ ᠤᠷᠤᠨ ᠤ ᠬᠠᠮᠢᠶ᠎ᠠ ᠪᠦᠭᠦᠢ ᠬᠠᠷᠢᠭᠤᠴᠠᠯᠭᠠᠳᠠᠳ ᠲᠠᠢ ᠨᠢᠭᠡ ᠨᠢᠭᠡ ᠪᠠᠷ ᠭᠠᠷ ᠠᠳᠬᠤᠵᠦ᠂ ᠬᠠᠷᠢᠯᠴᠠᠨ ᠮᠡᠨᠳᠤᠴᠢᠯᠠᠪᠠ᠃ ᠰᠡᠳᠭᠢᠯ ᠬᠦᠭᠰᠡᠭᠦᠯᠦᠮ᠎ᠠ ᠬᠦᠭᠵᠢᠮ ᠠᠶᠠᠰ ᠲᠤᠮᠳᠠ ᠮᠤᠩᠭᠤᠯ ᠬᠡᠤᠭᠡᠨᠴᠤᠳ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠪᠦᠷᠢᠯᠳᠤᠬᠦᠨ ᠨᠠᠷ ᠲᠤ ᠰᠠᠮᠪᠠᠢ ᠬᠠᠳᠠᠬ ᠪᠠᠷᠢᠪᠠ᠃            ᠤᠷᠤᠨ ᠤ ᠲᠦᠪ ᠬᠦᠬᠡᠬᠤᠳᠠ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠦ᠂ ᠨᠢᠰᠭᠡᠯ ᠤᠨ ᠪᠠᠭᠤᠳᠠᠯ ᠠᠴᠠ ᠲᠦᠯᠦᠭᠡᠯᠡᠭᠴᠢᠳ ᠤᠨ ᠪᠦᠯᠬᠦᠮ ᠤᠨ ᠪᠠᠭᠤᠳᠠᠯᠯᠠᠬᠤ ᠵᠤᠴᠢᠳ ᠤᠨ ᠪᠠᠭᠤᠳᠠᠯ ᠬᠦᠷᠳᠡᠯᠡᠬᠢ ᠭᠤᠤᠯ ᠵᠡᠭᠡᠯᠢ ᠶᠢᠨ ᠬᠤᠶᠠᠷ ᠬᠠᠵᠠᠭᠤ ᠪᠠᠷ ᠮᠤᠩᠭᠤᠯ ᠬᠢᠳᠠᠳ ᠬᠤᠶᠠᠷ ᠵᠦᠢᠯ ᠤᠨ ᠦᠰᠦᠭ ᠢᠶᠠᠷ ᠪᠢᠴᠢᠭᠰᠡᠨ ᠬᠦᠨᠳᠠᠯᠠᠨ ᠪᠢᠴᠢᠭᠡᠰᠤ ᠪᠠ ᠤᠷᠢᠶ᠎ᠠ ᠯᠤᠽᠤᠩ ᠢᠶᠠᠷ ᠴᠢᠮᠡᠭᠯᠡᠭᠳᠡᠪᠡ᠃            ᠲᠦᠪ ᠤᠨ ᠲᠦᠯᠦᠭᠡᠯᠡᠭᠴᠢᠳ ᠤᠨ ᠪᠦᠯᠭᠦᠮ 7 ᠤ ᠡᠳᠦᠷ ᠲᠤᠰᠬᠠᠢ ᠨᠢᠰᠭᠡᠯ ᠢᠶᠠᠷ ᠪᠡᠭᠡᠵᠢᠩ ᠠᠴᠠ ᠮᠣᠷᠳᠠᠵᠣ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠳᠤ ᠤᠷᠤᠯᠴᠠᠬᠤ ᠪᠠᠷ ᠬᠦᠬᠡᠬᠤᠳᠠ ᠳᠤ ᠬᠦᠷᠴᠦ ᠢᠷᠡᠪᠡ᠃ ᠲᠦᠯᠦᠭᠡᠯᠡᠭᠴᠢᠳ ᠤᠨ ᠪᠦᠯᠭᠦᠮ 63 ᠬᠦᠮᠦᠨ ᠢᠶᠠᠷ ᠪᠦᠷᠢᠯᠳᠦᠵᠦ᠂ ᠪᠦᠷᠢᠯᠳᠤᠬᠦᠨ ᠨᠢ ᠲᠦᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠬᠠᠮᠢᠶ᠎ᠠ  ᠪᠦᠭᠦᠢ ᠰᠠᠯᠠᠭ᠎ᠠ ᠮᠦᠴᠢᠷ ᠵᠢᠴᠢ ᠠᠷᠠᠳ ‍ᠤᠨ‌‍ᠪᠦ᠋ᠯᠭᠦᠮ᠂ ᠴᠢᠯᠦᠭᠡᠯᠡᠭᠦ ᠴᠡᠷᠢᠭ᠂ ᠵᠡᠪᠰᠡᠭᠳᠤ ᠴᠠᠬᠳᠠᠭ᠎ᠠ ᠶᠢᠨ ᠴᠡᠷᠢᠭ ᠠᠩᠭᠢ᠂ ᠰᠢᠨᠵᠢᠶᠠᠩ᠂ ᠭᠤᠸᠠᠩᠰᠢ᠂ ᠨᠢᠩᠰᠢᠶᠠ᠂ ᠲᠦᠪᠡᠳ ᠵᠡᠷᠭᠡ 4 ᠦᠪᠡᠷᠳᠡᠭᠡᠨ ᠵᠠᠰᠠᠬᠤ ᠤᠷᠤᠨ ᠪᠠ ᠠᠵᠢᠯ ᠲᠦᠷᠦᠯ ᠢᠶᠠᠷ ᠢᠶᠠᠨ ᠦᠪᠤᠷ ᠮᠤᠩᠭᠤᠯ ᠢ ᠬᠠᠪᠰᠣᠷᠣᠨ ᠲᠠᠮᠵᠢᠵᠤ ᠪᠠᠶᠢᠭ᠎ᠠ ᠪᠡᠭᠡᠵᠢᠩ ᠬᠤᠳᠠ ᠶᠢᠨ ᠬᠠᠷᠢᠭᠤᠴᠠᠯᠭᠠᠳᠠᠨ ᠨᠠᠷ ᠢᠶᠠᠷ ᠪᠦᠷᠢᠯᠳᠦᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号