ᠢᠤᠢ ᠵᠧᠩ ᠱᠧᠩ ᠲᠦᠪ ᠤᠨ ᠲᠦᠯᠦᠭᠡᠯᠡᠭᠴᠢᠳ ᠤᠨ ᠪᠦᠯᠬᠦᠮ ᠢ ᠲᠠᠭᠠᠭᠤᠯᠤᠨ ᠮᠠᠨ ᠤ ᠤᠷᠤᠨ ᠳᠤ ᠲᠤᠷᠠᠰᠬᠠᠯ ᠤᠨ ᠪᠤᠳᠠᠰ ᠪᠡᠯᠡᠭᠯᠡᠬᠦ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2017/8/10
   
   8 ᠰᠠᠷ᠎ᠠ ᠶᠢᠨ 7 ᠤ ᠦᠳᠡ ᠶᠢᠨ ᠡᠮᠦᠨ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭᠤ ᠶᠢᠨ ᠬᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ᠂ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠢᠤᠢ ᠵᠧᠩ ᠱᠧᠩ ᠲᠦᠪ ᠤᠨ ᠲᠦᠯᠦᠭᠡᠯᠡᠭᠴᠢᠳ ᠤᠨ ᠪᠦᠯᠬᠦᠮ ᠢ ᠲᠠᠭᠠᠭᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠷᠠᠰᠬᠠᠯ ᠤᠨ ᠪᠤᠳᠠᠰ ᠪᠡᠯᠡᠭᠯᠡᠬᠦ ᠶᠤᠰᠤᠯᠠᠯ ᠳᠤ ᠤᠷᠤᠯᠴᠠᠵᠠᠢ᠃ ᠲᠦᠪ ᠤᠨ ᠲᠦᠯᠦᠭᠡᠯᠡᠭᠴᠢᠳ ᠤᠨ ᠪᠦᠯᠬᠦᠮ ᠦᠪᠦᠷ ᠮᠤᠩᠭᠤᠯ ᠳᠤ ᠶᠡᠷᠦᠩᠬᠡᠢ ᠱᠦᠵᠢ ᠰᠢ ᠶᠢᠨ ᠫᠢᠩ ᠤᠨ ᠪᠢᠴᠢᠭᠰᠡᠨ ᠪᠢᠴᠢᠭᠡᠰᠦ ᠲᠠᠢ ᠪᠠᠶᠠᠷ ᠤᠨ ᠢᠯᠡᠷᠭᠡᠶᠢᠯᠡᠯ᠂ ᠪᠢᠴᠢᠭᠡᠰᠦ ᠶᠢᠨ ᠲᠠᠯᠪᠢᠭᠤᠷ ᠵᠡᠷᠭᠡ ᠲᠤᠷᠠᠰᠬᠠᠯ ᠤᠨ ᠪᠤᠳᠠᠰ ᠪᠡᠯᠡᠭᠯᠡᠪᠡ᠃          ᠪᠠᠶᠠᠷ ᠤᠨ ᠢᠯᠡᠷᠭᠡᠶᠢᠯᠡᠯ ᠲᠦᠪ ᠶᠡᠭᠡᠮᠰᠦᠭ ᠮᠦᠷᠳᠡᠭᠡᠨ ᠰᠦᠷ ᠵᠢᠪᠬᠤᠭ᠎ᠠ ᠲᠠᠢ᠂ ᠶᠡᠷᠦᠩᠬᠡᠢ ᠱᠦᠵᠢ ᠰᠢ ᠶᠢᠨ ᠫᠢᠩ ᠤᠨ ᠪᠢᠴᠢᠭᠰᠡᠨ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠦᠶ᠎ᠠ︾ ᠭᠡᠬᠦ ᠪᠢᠴᠢᠭᠡᠰᠦ ᠵᠢᠴᠢ ᠮᠤᠩᠭᠤᠯ ᠤᠷᠴᠢᠭᠤᠯᠭ᠎ᠠ ᠨᠢ ᠢᠯᠡᠷᠭᠡᠶᠢᠯᠡᠯ ᠤᠨ ᠲᠦᠪ ᠲᠤᠮᠳᠠ ᠲᠤᠳᠤᠬᠠᠨ ᠬᠠᠷᠠᠬᠳᠠᠨ᠎ᠠ᠃ ᠢᠯᠡᠷᠭᠡᠶᠢᠯᠡᠯ ᠤᠨ ᠬᠦᠪᠡᠭᠡ ᠪᠠᠷ ᠰᠡᠶᠢᠯᠦᠭᠰᠡᠨ 70 ᠦᠯᠵᠡᠶᠢᠳᠤ ᠡᠭᠦᠯᠡᠨ ᠬᠡ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 70 ᠵᠢᠯ ᠤᠨ ᠬᠡᠷᠡᠯ ᠰᠠᠴᠤᠷᠠᠩᠭᠤᠢ ᠲᠡᠤᠭᠡᠨ ᠶᠠᠪᠤᠴᠠ ᠶᠢ ᠲᠦᠯᠦᠭᠡᠯᠡᠵᠤ᠂ ᠢᠯᠡᠷᠭᠡᠶᠢᠯᠡᠯ ᠤᠨ ᠭᠤᠣᠯ ᠭᠡᠰᠡᠭ ᠨᠢ ᠲᠤᠮᠳᠠᠳᠤ ᠶᠢᠨ ᠤᠯᠠᠭᠠᠨ ᠦᠩᠭᠡ ᠪᠠᠷ ᠲᠡᠪᠢᠰᠭᠡᠷ ᠦᠩᠭᠡ ᠪᠤᠯᠭᠠᠵᠤ᠂ ᠠᠯᠳᠠᠨ ᠰᠢᠷᠭᠠᠯ ᠦᠡᠭᠭᠡ ᠲᠠᠢ ᠤᠷᠳᠤᠯᠵᠢᠨ ᠬᠡ ᠪᠠᠷ ᠡᠮᠵᠢᠶᠠᠷᠯᠡᠵᠤ᠂ ᠠᠵᠠ ᠵᠢᠷᠭᠠᠯ᠂ ᠦᠯᠵᠡᠢ ᠭᠡᠰᠢᠭ᠂ ᠦᠨᠢ ᠮᠦᠩᠭᠡ ᠶᠢ ᠪᠡᠯᠭᠡᠳᠡᠵᠠᠢ᠃     ᠲᠤᠷᠠᠰᠬᠠᠯ ᠤᠨ ᠪᠤᠳᠠᠰ ᠪᠡᠯᠡᠭᠯᠡᠬᠦ ᠶᠤᠰᠤᠯᠠᠯ ᠲᠡᠭᠡᠷ᠎ᠡ᠂ ᠢᠤᠢ ᠵᠧᠩ ᠱᠧᠩ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠠᠮᠳᠤᠪᠡᠷ ᠶᠡᠷᠦᠩᠬᠡᠢ ᠱᠦᠵᠢ ᠰᠢ ᠶᠢᠨ ᠫᠢᠩ ᠤᠨ ᠪᠢᠴᠢᠭᠡᠰᠦ ᠲᠠᠢ ᠪᠠᠶᠠᠷ ᠤᠨ ᠢᠯᠡᠷᠭᠡᠶᠢᠯᠡᠯ ᠢ ᠰᠡᠭᠦᠪᠡ᠃          ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠡᠳ᠋ ᠶᠡᠷᠦᠩᠬᠡᠢ ᠰᠠᠶᠢᠳ᠂ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠲᠡᠳ᠋ ᠲᠠᠷᠤᠭ᠎ᠠ ᠯᠢᠦ ᠶᠠᠨ ᠳ᠋ᠦᠩ ᠪᠠᠶᠠᠷ ᠤᠨ ᠦᠭᠡ ᠳᠡᠭᠡᠨ᠂ ᠶᠡᠷᠦᠩᠬᠡᠢ ᠱᠦᠵᠢ ᠰᠢ ᠶᠢᠨ ᠫᠢᠩ ᠢᠮᠠᠬᠳᠠ ᠦᠨᠳᠦᠰᠦᠳᠡᠨ ᠤ ᠠᠵᠢᠯ ᠢ ᠲᠦᠢᠯ ᠢᠶᠠᠷ ᠬᠠᠯᠠᠮᠵᠢᠯᠠᠵᠤ᠂ ᠦᠨᠳᠦᠰᠦᠳᠡᠨ ᠤ ᠤᠷᠤᠨ ᠤᠨ ᠪᠠᠶᠢᠳᠠᠯ ᠢ ᠮᠠᠰᠢ ᠠᠩᠬᠠᠷᠴᠣ᠂ ᠦᠪᠤᠷ ᠮᠤᠩᠭᠤᠯ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠮᠠᠰᠢ ᠬᠠᠯᠠᠮᠵᠢᠯᠠᠵᠣ᠂ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠬᠦ ᠶᠢᠨ ᠲᠦᠯᠦᠭᠡ ᠪᠠᠶᠠᠷᠳᠠᠢ ᠪᠠᠷ ᠪᠢᠴᠢᠭᠡᠰᠦ ᠪᠢᠴᠢᠨ ᠦᠭᠴᠡᠢ᠃ ᠶᠡᠷᠦᠩᠬᠡᠢ ᠱᠦᠵᠢ ᠰᠢ ᠶᠢᠨ ᠫᠢᠩ ᠤᠨ ᠪᠢᠴᠢᠭᠡᠰᠦ ᠳᠤ ᠦᠪᠦᠷ ᠮᠤᠩᠭᠤᠯ ᠤᠨ ᠰᠠᠷᠠᠭᠤᠯ ᠢᠷᠡᠭᠡᠳᠦᠢ᠂ ᠢᠷᠠᠭᠤ ᠠᠯᠳᠠᠷᠳᠦ ᠲᠡᠤᠭᠡᠨ ᠡᠭᠦᠷᠭᠡ ᠶᠢ ᠭᠦᠨᠵᠡᠭᠡᠢ ᠳᠣᠰᠬᠠᠵᠣ᠂ ᠦᠪᠦᠷ ᠮᠤᠩᠭᠤᠯ ᠪᠤᠯᠤᠨ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠴᠢᠩ ᠰᠡᠳᠬᠢᠯ    ᠠᠴᠠ   ᠪᠠᠨ  ᠪᠦᠯᠬᠦᠮᠳᠡᠨ᠂ ᠵᠤᠷᠢᠭ ᠰᠢᠭᠤᠳᠤᠨ ᠬᠠᠳᠠᠭᠤᠵᠢᠯᠳᠠᠢ ᠲᠠᠮᠠᠴᠡᠬᠦ ᠶᠢ ᠴᠠᠭ ᠢᠮᠠᠭᠳᠠ ᠵᠤᠷᠢᠬᠵᠢᠭᠤᠯᠵᠤ᠂ ᠨᠠᠮ ᠤᠨ ᠲᠦᠪ ᠬᠤᠷᠢᠶ᠎ᠠ ᠶᠢᠨ ᠦᠪᠦᠷ ᠮᠤᠩᠭᠤᠯ ᠤᠨ ᠤᠷᠢᠳᠤᠬᠢ ᠪᠠᠨ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠦ᠂ ᠲᠠᠬᠢᠨ ᠰᠢᠨ᠎ᠠ ᠬᠠᠭᠤᠳᠠᠰᠦ ᠶᠢ ᠪᠢᠴᠢᠭᠯᠡᠭᠦ ᠬᠦᠰᠡᠯ ᠨᠡᠶᠢᠳᠡᠯᠭ᠎ᠠ ᠶᠢ ᠠᠴᠢᠶᠠᠯᠠᠵᠤ ᠪᠠᠶᠢᠨ᠎ᠠ ᠭᠡᠵᠤ ᠵᠢᠭᠠᠵᠤ ᠭᠠᠷᠭᠠᠪᠠ᠃           ᠯᠢᠦ ᠶᠠᠨ ᠳ᠋ᠦᠩ᠂ ᠲᠦᠪ ᠠᠴᠠ ᠪᠠᠶᠠᠷ ᠤᠨ ᠢᠯᠡᠷᠭᠡᠶᠢᠯᠡᠯ ᠪᠡᠯᠡᠭᠯᠡᠭᠰᠡᠨ ᠨᠢ᠂ ᠦᠪᠦᠷ ᠮᠤᠩᠭᠤᠯ ᠢ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠠᠷ ᠢᠶᠠᠨ ᠰᠢᠨ᠎ᠠ ᠭᠠᠷᠤᠭ᠎ᠠ ᠪᠤᠯᠭᠠᠵᠤ᠂ ᠤᠭ ᠰᠠᠨᠠᠭ᠎ᠠ ᠪᠠᠨ ᠦᠯᠦ ᠮᠠᠷᠳᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠴᠤᠴᠠᠯᠳᠠ ᠦᠭᠡᠢ ᠤᠷᠤᠬᠰᠢᠯᠠᠵᠣ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠬᠠᠮᠳᠤ ᠡᠭᠡ ᠤᠯᠤᠰ ᠤᠨ ᠢᠶᠠᠨ ᠲᠦᠯᠦᠭᠡ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠨ᠂ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠵᠡᠭᠦᠳᠦ ᠶᠢ ᠡᠷᠳᠡᠭᠡᠨ ᠲᠡᠷᠬᠡᠯᠰᠢᠭᠦᠯᠭᠦ ᠶᠢ ᠬᠦᠰᠡᠵᠤ ᠪᠠᠶᠢᠭ᠎ᠠ ᠶᠠᠪᠣᠳᠠᠯ ᠪᠣᠯᠣᠨ᠎ᠠ ᠬᠡᠪᠠ᠃          ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠪᠡᠯᠡᠭᠯᠡᠭᠰᠡᠨ ᠲᠤᠷᠠᠰᠬᠠᠯ ᠤᠨ ᠪᠤᠳᠠᠰ ᠨᠢ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠤᠯᠠᠨ ᠲᠦᠮᠡᠨ ᠤ ᠪᠤᠳᠠᠳᠤ ᠬᠡᠷᠡᠭᠴᠡᠭᠡ ᠶᠢ ᠭᠦᠢᠴᠡᠳ ᠪᠤᠳᠤᠯᠬᠢᠯᠠᠵᠣ᠂ ᠦᠨᠳᠦᠰᠦᠳᠡᠨ ᠤ ᠤᠨᠴᠠᠯᠢᠭ ᠲᠠᠢ ᠮᠦᠷᠳᠡᠭᠡᠨ ᠲᠤᠬᠠᠢ ᠶᠢᠨ ᠭᠠᠵᠠᠷ ᠤᠨ ᠵᠠᠩ ᠵᠠᠩᠰᠢᠯ ᠲᠠᠢ ᠨᠡᠶᠢᠴᠡᠵᠤ᠂ ᠲᠤᠷᠠᠰᠬᠠᠯ ᠤᠨ ᠠᠴᠢ ᠬᠤᠯᠪᠣᠭᠳᠠᠯ ᠲᠠᠢ ᠮᠦᠷᠳᠡᠭᠡᠨ ᠪᠤᠳᠠᠳᠠᠢ ᠶᠢ ᠡᠷᠬᠢᠮᠯᠡᠭᠰᠡᠨ ᠪᠤᠷᠤᠬᠵᠢᠭᠤᠨ ᠵᠦᠢᠯᠡᠰ ᠪᠤᠯᠤᠨ᠎ᠠ᠃ ᠲᠤᠷᠠᠰᠬᠠᠯ ᠤᠨ ᠪᠤᠳᠠᠰ ᠨᠢ ᠨᠡᠶᠢᠳᠡ 9 ᠲᠦᠷᠦᠯ᠂ ᠡᠭᠦᠨ ᠳᠤ ᠪᠠᠶᠠᠷ ᠤᠨ ᠢᠯᠡᠷᠭᠡᠶᠢᠯᠡᠯ᠂ ᠲᠠᠯᠪᠢᠭᠤᠷ᠂ ᠰᠦ ᠲᠠᠢ ᠴᠠᠢ ᠶᠢᠨ ᠬᠡᠷᠡᠭᠰᠡᠯ᠂ ᠤᠯᠠᠨ ᠵᠠᠭᠤᠴᠢᠳᠣ ᠵᠢᠭᠠᠨ ᠰᠤᠷᠭᠠᠯᠳᠠ ᠶᠢᠨ ᠨᠢᠭᠡ ᠴᠤᠬᠴᠠᠵᠢᠭᠤᠯᠤᠬᠰᠠᠨ ᠮᠠᠰᠢᠨ᠂ ᠭᠡᠩᠭᠡᠷᠭᠡ ᠪᠦᠷᠢᠶ᠎ᠠ ᠶᠢᠨ ᠠᠩᠬᠢ ᠶᠢᠨ ᠬᠦᠭᠵᠢᠮ ᠤᠨ ᠵᠢᠮᠰᠡᠭ᠂ ᠵᠢᠷᠣᠭᠳᠣ ᠨᠣᠮ ᠳᠡᠪᠳᠡᠷ ᠪᠣᠯᠣᠨ ᠰᠢᠨᠵᠢᠯᠡᠭᠦ ᠤᠬᠠᠭᠠᠨ ᠮᠡᠷᠭᠡᠵᠢᠯ ᠤᠨ ᠲᠤᠷᠰᠢᠯᠳᠠ ᠶᠢᠨ ᠨᠠᠭᠠᠳᠤᠮ ᠤᠨ ᠪᠠᠭᠠᠵᠢ᠂ ᠲᠤᠮᠤ ᠬᠡᠯᠪᠡᠷᠢ ᠶᠢᠨ ᠬᠤᠪᠴᠠᠰᠦ ᠤᠬᠢᠶᠠᠬᠤ ᠮᠠᠰᠢᠨ ᠵᠡᠷᠭᠡ ᠪᠤᠢ᠃          ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠲᠠᠷᠤᠭ᠎ᠠ᠂ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠲᠡᠳ᠋ ᠲᠠᠷᠤᠭ᠎ᠠ ᠵᠠᠩ ᠫᠢᠩ ᠲᠤᠷᠠᠰᠬᠠᠯ ᠤᠨ ᠪᠤᠳᠠᠰ ᠤᠨ ᠨᠠᠷᠢᠨ ᠲᠠᠩᠰᠠ ᠶᠢ ᠤᠩᠰᠢᠨ ᠨᠡᠶᠢᠳᠡᠯᠡᠵᠦ᠂ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠲᠡᠳ᠋ ᠲᠠᠷᠤᠭ᠎ᠠ ᠰᠦᠨ ᠴᠦᠨ ᠯᠠᠨ᠂ ᠸᠠᠩ ᠵᠧᠩ ᠸᠧᠢ᠂ ᠵᠠᠩ ᠶᠠᠩ ᠨᠠᠷ ᠶᠤᠰᠤᠯᠠᠯ ᠳᠤ ᠤᠷᠤᠯᠴᠠᠵᠠᠢ᠃          ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠶᠤᠰᠤᠯᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠸᠠ ᠶᠠ ᠫᠢᠩ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠠᠨᠳᠠᠯᠠᠬᠴᠢ ᠯᠧᠩ  ᠵᠢᠶᠧ ᠰᠦᠩ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠢᠰᠰᠠᠷ ᠸᠠᠩ ᠪᠢᠩ ᠶᠤᠸᠠᠢ ᠵᠡᠷᠭᠡ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠨᠢᠭᠡᠴᠡ ᠶᠢᠨ ᠬᠠᠷᠢᠭᠤᠴᠠᠯᠭᠠᠳᠠᠨ ᠨᠦᠬᠦᠳ ᠵᠢᠴᠢ ᠡᠯ᠎ᠠ ᠦᠨᠳᠦᠰᠦᠳᠡᠨ ᠡᠯ᠎ᠠ ᠡᠳᠡᠭᠡᠳ ᠤᠨ ᠲᠦᠯᠦᠭᠡᠯᠡᠭᠴᠢᠳ ᠶᠤᠰᠤᠯᠠᠯ ᠳᠤ ᠤᠷᠤᠯᠴᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号