ᠰᠦᠨ ᠴᠦᠨ ᠯᠠᠨ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠪᠢᠶᠠᠷᠢ ᠪᠦᠯᠬᠦᠮ ᠢ ᠲᠠᠭᠠᠭᠤᠯᠤᠨ ᠰᠢᠯᠢ ᠶᠢᠨ ᠭᠤᠤᠯ ᠠᠶᠢᠮᠠᠬ ᠲᠤ ᠬᠦᠷᠴᠦ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠪᠡ
ᠨᠡᠶᠢᠲᠡᠯᠡᠭᠰᠡᠨ ᠴᠠᠭ᠄
2017/8/14
   ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠵᠦᠩᠨᠡᠯ ᠢ ᠡᠪᠤᠷᠯᠡᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠬᠡᠰᠢᠬᠦᠨ᠂ ᠲᠦᠪ ᠤᠨ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ᠂ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠲᠡᠳ᠋ ᠲᠠᠷᠤᠭ᠎ᠠ ᠰᠦᠨ ᠴᠦᠨ ᠯᠠᠨ 8 ᠰᠠᠷ᠎ᠠ ᠶᠢᠨ 11᠎ ᠤ ᠡᠳᠦᠷ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠪᠢᠶᠠᠷᠢ ᠪᠦᠯᠬᠦᠮ ᠢ ᠲᠠᠭᠠᠭᠤᠯᠤᠨ ᠰᠢᠯᠢ ᠶᠢᠨ ᠭᠤᠤᠯ ᠠᠶᠢᠮᠠᠬ ᠲᠤ ᠬᠦᠷᠴᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠵᠦ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠬᠠᠮᠳᠤᠪᠡᠷ ᠪᠡᠯᠬᠡᠯᠡᠪᠡ᠃          11᠎ ᠤ ᠦᠳᠡ ᠶᠢᠨ ᠡᠮᠦᠨ᠎ᠠ᠂ ᠰᠦᠨ ᠴᠦᠨ ᠯᠠᠨ ᠨᠠᠷ ᠳ᠋ᠠ ᠲᠠᠩ ᠪᠦᠯᠦᠭᠯᠡᠯ ᠤᠨ ᠰᠢᠯᠢᠩᠬᠤᠳᠠ ᠴᠠᠬᠢᠯᠭᠠᠨ ᠦᠢᠯᠡᠳᠪᠤᠷᠢ ᠳᠤ ᠬᠦᠷᠴᠤ ᠦᠢᠯᠡᠳᠪᠤᠷᠢ ᠶᠢᠨ ᠪᠦᠲᠦᠬᠡᠨ ᠪᠠᠶᠢᠭᠤᠯᠤᠯᠳᠠ ᠶᠢ ᠰᠢᠨᠵᠢᠯᠡᠨ ᠪᠠᠶᠢᠴᠠᠭᠠᠵᠦ᠂ ᠴᠠᠬᠢᠯᠭᠠᠨ ᠤ ᠦᠢᠯᠡᠳᠪᠦᠷᠢ ᠶᠢᠨ ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠮᠡᠷᠬᠡᠵᠢᠯ ᠢ ᠬᠡᠷᠡᠭᠯᠡᠨ ᠨᠤᠳᠤᠭ ᠪᠡᠯᠴᠢᠭᠡᠷ ᠤᠨ ᠠᠮᠢ ᠠᠬᠤᠢ ᠶᠢᠨ ᠰᠠᠶᠢᠵᠢᠷᠠᠯᠳᠠ ᠶᠢ ᠠᠬᠢᠭᠤᠯᠵᠦ ᠪᠠᠶᠢᠭ᠎ᠠ ᠶᠢ ᠬᠦᠢᠴᠡᠳ ᠨᠤᠳᠠᠯᠠᠪᠠ᠃ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠳ᠋ᠠ ᠵᠤᠧᠠᠩ ᠶᠤᠸᠠᠨ ᠠᠮᠢ ᠠᠬᠤᠢ ᠶᠢᠨ ᠦᠬᠡᠷ ᠬᠤᠨᠢᠨ ᠮᠢᠬ᠎ᠠ ᠶᠢᠨ ᠠᠵᠦ ᠦᠢᠯᠡᠰ ᠤᠨ ᠵᠢᠱᠢᠶ᠎ᠠ ᠦᠵᠡᠬᠦᠯᠬᠦ ᠬᠦᠷᠢᠶᠡᠯᠡᠩ ᠳᠤ᠂ ᠰᠦᠨ ᠴᠦᠨ ᠯᠠᠨ ᠪᠠᠷᠢᠮᠵᠢᠶᠠᠵᠢᠬᠰᠠᠨ ᠬᠤᠨᠢᠨ ᠮᠢᠬ᠎ᠠ ᠡᠳ᠋ᠰᠢᠬᠦᠯᠦᠨ ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠰᠢᠨᠵᠢᠯᠡᠨ ᠪᠠᠶᠢᠴᠠᠭᠠᠬᠤ ᠶᠢᠨ ᠬᠠᠮᠳᠤ ᠠᠳᠡ ᠢᠷᠡᠵᠦ ᠬᠤᠨᠢ ᠪᠠᠨ ᠪᠤᠷᠤᠯᠠᠭᠤᠯᠵᠦ ᠪᠠᠶᠢᠭ᠎ᠠ ᠮᠠᠯᠴᠢᠳ ᠲᠠᠢ ᠲᠤᠳᠤᠨᠤ ᠪᠠᠷ ᠶᠠᠷᠢᠯᠴᠠᠵᠠᠢ᠃          ᠰᠦᠨ ᠴᠦᠨ ᠯᠠᠨ ᠰᠢᠯᠢᠩᠬᠤᠳᠠ ᠶᠢᠨ ᠪᠤᠯᠠᠭᠠᠨ ᠰᠤᠮᠤ ᠶᠢᠨ ᠮᠠᠯᠴᠢᠨ ᠪᠠ᠊ · ᠪᠠᠭᠠᠳᠤᠷ ᠤᠨ ᠬᠢᠨ ᠳᠤ ᠬᠦᠷᠴᠦ ᠪᠤᠯᠭᠤᠭᠠᠨ ᠦᠵᠡᠪᠡ᠃ ᠲᠡᠷᠡ ᠮᠤᠩᠭᠤᠯ ᠬᠡᠷ᠂ ᠠᠰᠠᠷ ᠲᠤᠨᠢ ᠤᠷᠤᠵᠦ᠂ ᠪᠠ᠊ · ᠪᠠᠭᠠᠳᠤᠷ ᠤᠨ ᠬᠢᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠪᠠ᠃ ᠪᠠ᠊ · ᠪᠠᠭᠠᠳᠤᠷ ᠤᠨ ᠬᠢᠨ ᠠᠳᠤᠭᠤ ᠮᠠᠯᠵᠢᠵᠦ ᠤᠨᠴᠠᠯᠢᠬᠳᠤ ᠵᠤᠭᠠᠴᠠᠯ ᠡᠷᠬᠢᠯᠡᠬᠦ ᠵᠡᠷᠬᠡ ᠪᠠᠷ ᠲᠠᠮᠵᠢᠨ ᠵᠢᠯ ᠤᠨ ᠤᠷᠤᠯᠭ᠎ᠠ ᠨᠢ ᠭᠡᠳᠤᠨ ᠠᠷᠪᠠᠨ ᠲᠦᠮᠡᠨ ᠲᠦᠬᠦᠷᠢᠭ ᠲᠤ ᠬᠦᠷᠴᠤ ᠪᠠᠶᠢᠭ᠎ᠠ ᠶᠢ ᠰᠤᠨᠤᠰᠤᠭᠠᠳ ᠰᠦᠨ ᠴᠦᠨ ᠯᠠᠨ ᠮᠠᠰᠢ ᠪᠠᠶᠠᠷᠯᠠᠵᠦ᠂ ᠲᠡᠬᠦᠨ ᠤ ᠮᠠᠯᠴᠢᠳ ᠢᠶᠠᠨ ᠲᠠᠭᠠᠭᠤᠯᠵᠤ ᠤᠷᠤᠯᠭ᠎ᠠ ᠪᠠᠨ ᠨᠡᠮᠡᠭᠳᠡᠬᠦᠯᠤᠨ ᠴᠢᠨᠡᠭᠡᠯᠢᠭᠵᠢᠵᠦ ᠪᠠᠶᠢᠭ᠎ᠠ ᠶᠢ ᠮᠠᠬᠳᠠᠨ ᠰᠠᠶᠢᠰᠢᠶᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠮᠠᠯᠴᠢᠳ ᠤᠨ ᠠᠮᠢᠳᠤᠷᠠᠯ ᠢ ᠮᠠᠰᠢ ᠬᠠᠯᠠᠮᠵᠢᠯᠠᠵᠦ ᠪᠣᠢ᠃ ᠲᠠᠨᠠᠷ ᠤᠨ ᠲᠦᠷᠦᠯ ᠲᠡᠮᠳᠡᠭ ᠪᠤᠶᠢᠵᠢᠭᠤᠯᠬᠤ ᠪᠠ ᠰᠢᠨ᠎ᠠ ᠶᠢ ᠡᠬᠦᠳᠬᠦ ᠲᠠᠯ᠎ᠠ ᠪᠠᠷ ᠦᠷᠬᠦᠯᠵᠢᠯᠡᠨ ᠠᠷᠭ᠎ᠠ ᠤᠬᠠᠭᠠᠨ ᠰᠦᠪᠡᠭᠴᠢᠯᠡᠵᠦ᠂ ᠨᠡᠩ ᠰᠠᠶᠢᠬᠠᠨ ᠠᠮᠢᠳᠤᠷᠠᠬᠤ ᠶᠢ ᠬᠦᠰᠡᠵᠦ ᠪᠠᠶᠢᠨ᠎ᠠ ᠬᠡᠪᠠ᠃          ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠰᠢᠯᠢᠩᠬᠤᠳᠠ ᠳᠠᠬᠢ ᠬᠤᠪᠢᠶᠠᠷᠢ ᠬᠤᠷᠢᠶ᠎ᠠ ᠳᠤ᠂ ᠰᠦᠨ ᠴᠦᠨ ᠯᠠᠨ ᠮᠤᠩᠭᠤᠯ ᠡᠮᠨᠡᠯᠬᠡ ᠶᠢᠨ ᠡᠮᠴᠢᠯᠡᠭᠡᠨ ᠤ ᠮᠡᠷᠬᠡᠵᠢᠯ ᠢ ᠰᠢᠨᠵᠢᠯᠡᠨ ᠪᠠᠶᠢᠴᠠᠭᠠᠵᠦ ᠤᠢᠢᠯᠠᠭᠠᠬᠤ ᠶᠢᠨ ᠬᠠᠮᠳᠤ ᠡᠮᠴᠢ ᠰᠤᠪᠢᠯᠠᠬᠴᠢᠳ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠠ ᠶᠢ ᠡᠬᠦᠳᠬᠦ ᠶᠢ ᠤᠶᠠᠯᠳᠤᠭᠤᠯᠵᠣ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠡᠷᠡᠬᠦᠯ ᠴᠢᠬᠢᠷᠠᠭ ᠲᠤ ᠨᠡᠩ ᠰᠠᠶᠢᠳᠤᠷ ᠦᠢᠯᠡᠴᠢᠯᠡᠭᠡᠷᠡᠢ ᠭᠡᠵᠤ ᠵᠤᠷᠢᠬᠵᠢᠭᠤᠯᠪᠠ᠃          11᠎ ᠤ ᠦᠳᠡ ᠶᠢᠨ ᠬᠤᠶᠢᠨ᠎ᠠ᠂ ᠰᠦᠨ ᠴᠦᠨ ᠯᠠᠨ ᠰᠢᠯᠢ ᠶᠢᠨ ᠭᠤᠤᠯ ᠠᠵᠢᠯ ᠮᠡᠷᠬᠡᠵᠢᠯ ᠤᠨ ᠲᠡᠭᠡᠳᠤ ᠰᠤᠷᠭᠠᠭᠤᠯᠢ ᠶᠢᠨ ᠴᠢ᠊ · ᠪᠤᠯᠠᠬ ᠤᠯᠠᠨ ᠤᠯᠤᠰ ᠤᠨ ᠮᠤᠷᠢᠨ ᠬᠤᠭᠤᠷ ᠤᠨ ᠲᠡᠭᠡᠳᠤ ᠰᠤᠷᠭᠠᠭᠤᠯᠢ᠂ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢᠨ ᠪᠤᠯᠪᠠᠰᠤᠷᠠᠯ ᠰᠢᠯᠭᠠᠯᠳᠠ ᠶᠢᠨ ᠰᠠᠭᠤᠷᠢᠨ ᠵᠢᠴᠢ ᠬᠤᠤᠰ ᠬᠡᠯᠡᠨ ᠤ ᠪᠤᠯᠪᠠᠰᠤᠷᠠᠯ ᠤᠨ ᠰᠠᠭᠤᠷᠢᠨ ᠳᠤ ᠬᠦᠷᠴᠤ ᠪᠤᠯᠭᠤᠭᠠᠨ ᠦᠵᠡᠵᠤ ᠲᠤᠬᠤᠨᠢᠭᠤᠯᠤᠨ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠦᠨᠳᠦᠰᠦᠳᠡᠨ ᠤ ᠰᠤᠶᠤᠯ ᠢᠶᠠᠨ ᠬᠠᠮᠠᠭᠠᠯᠠᠵᠣ ᠤᠯᠠᠮᠵᠢᠯᠠᠨ ᠵᠠᠯᠭᠠᠮᠵᠢᠯᠠᠬᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠪᠠ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠠᠭᠢᠭᠤᠯᠵᠦ ᠪᠠᠶᠢᠭ᠎ᠠ ᠶᠢ ᠬᠦᠢᠴᠡᠳ ᠨᠤᠳᠠᠯᠠᠪᠠ᠃ ᠠᠴᠢᠯᠠᠯ ᠮᠠᠯᠴᠢᠳ ᠤᠨ ᠨᠠᠰᠤᠳᠠᠶᠢᠴᠣᠳ ᠢ ᠠᠰᠠᠷᠠᠬᠤ ᠬᠦᠷᠢᠶᠡᠯᠡᠩ ᠲᠤᠭᠤᠷᠢᠬ ᠲᠤ᠂ ᠰᠦᠨ ᠴᠦᠨ ᠯᠠᠨ ᠬᠤᠳᠠ ᠤᠷᠤᠵᠦ ᠦᠲᠡᠯᠦᠬᠡ ᠨᠠᠰᠤ ᠪᠠᠨ ᠦᠩᠬᠡᠷᠡᠬᠡᠵᠦ ᠪᠠᠶᠢᠭ᠎ᠠ ᠮᠠᠯᠴᠢᠳ ᠲᠠᠢ ᠲᠤᠳᠤᠨᠤ ᠪᠠᠷ ᠶᠠᠷᠢᠯᠴᠠᠵᠦ᠂ ᠲᠡᠳᠡᠨᠦᠰ ᠤᠨ ᠠᠮᠢᠳᠤᠷᠠᠯ ᠰᠠᠶᠢᠨ ᠡᠰᠡᠬᠦ᠂ ᠶᠠᠮᠠᠷ ᠬᠡᠷᠡᠭᠴᠡᠭᠡ ᠪᠠᠶᠢᠬᠤ ᠶᠢ ᠠᠰᠠᠭᠤᠵᠦ᠂ ᠲᠡᠳᠡᠨᠠᠷ ᠢ ᠤᠷᠳᠤ ᠨᠠᠰᠤᠯᠠᠵᠤ ᠤᠳᠠᠭᠠᠨ ᠵᠢᠷᠭᠠᠭᠠᠷᠠᠢ ᠭᠡᠵᠤ ᠵᠦᠩᠨᠡᠵᠠᠢ᠃          ᠰᠦᠨ ᠴᠦᠨ ᠯᠠᠨ ᠰᠢᠯᠢ ᠶᠢᠨ ᠭᠤᠤᠯ ᠠᠶᠢᠮᠠᠬ ᠤᠨ ᠡᠯ᠎ᠠ ᠦᠨᠳᠦᠰᠦᠳᠡᠨ ᠡᠯ᠎ᠠ ᠡᠳᠡᠬᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠲᠠᠢ ᠠᠭᠤᠯᠵᠠᠬᠤ ᠶᠢᠨ ᠬᠠᠮᠳᠣ ᠰᠢᠯᠢ ᠶᠢᠨ ᠭᠤᠤᠯ ᠠᠶᠢᠮᠠᠬ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠶᠠᠷᠢᠯᠴᠠᠬᠤ ᠬᠤᠷᠠᠯ ᠳᠤ ᠤᠷᠤᠯᠴᠠᠪᠡ᠃ ᠲᠡᠷᠡ᠂ ᠰᠢᠯᠢ ᠶᠢᠨ ᠭᠤᠤᠯ ᠠᠶᠢᠮᠠᠬ ᠤᠨ ᠲᠠᠤᠭᠡ ᠰᠤᠶᠤᠯ ᠦᠨᠢ ᠤᠳᠠᠭᠠᠨ᠂ ᠲᠠᠯ᠎ᠠ ᠨᠤᠲᠤᠬ ᠤᠨ ᠦᠩᠬᠡ ᠦᠵᠡᠮᠵᠢ ᠦᠵᠡᠰᠬᠦᠯᠠᠩᠳᠤ ᠰᠠᠶᠢᠬᠠᠨ᠂ ᠦᠨᠳᠦᠰᠦᠳᠡᠨ ᠤ ᠵᠠᠩ ᠦᠢᠯᠡ ᠦᠳᠬᠡᠨ ᠵᠤᠵᠠᠭᠠᠨ᠂ ᠡᠯ᠎ᠠ ᠲᠠᠯ᠎ᠠ ᠶᠢᠨ ᠪᠦᠲᠦᠬᠡᠨ ᠪᠠᠶᠢᠭᠤᠯᠤᠯᠳᠠ ᠶᠢᠨ ᠠᠮᠵᠢᠯᠳᠠ ᠪᠦᠳᠤᠮᠵᠢ ᠢᠯᠡᠷᠬᠡᠢ ᠪᠠᠶᠢᠨ᠎ᠠ᠃ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ︽7 · 26︾᠎ ᠤ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠣ᠂ ︽ᠲᠦᠷᠪᠡᠨ ᠤᠬᠠᠮᠰᠠᠷ︾᠎ ᠢᠶᠠᠨ ᠦᠨᠡᠨᠬᠦ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠬ ᠰᠠᠨᠠᠭ᠎ᠠ ᠪᠤᠯᠤᠨ ᠲᠦᠷᠦ ᠶᠢ ᠵᠠᠰᠠᠵᠦ ᠵᠠᠰᠠᠬ ᠢ ᠡᠷᠬᠢᠯᠡᠬᠦ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ ᠦᠢᠯᠡᠳᠦᠯᠬᠡ ᠪᠠᠨ ᠵᠢᠯᠤᠭᠤᠳᠤᠭᠤᠯᠵᠦ᠂ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠲᠦᠬᠡᠨ ᠪᠠᠶᠢᠭᠤᠯᠵᠦ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤᠪᠡᠷ ᠲᠡᠷᠭᠡᠯᠰᠢᠬᠦᠯᠬᠦ︾ ᠱᠠᠭᠠᠷᠳᠠᠯᠭ᠎ᠠ ᠶᠤᠰᠤᠭᠠᠷ ᠠᠵᠦ ᠠᠬᠤᠢ ᠶᠢᠨ ᠬᠦᠭᠵᠢᠯᠳᠡ ᠰᠢᠨ᠎ᠠ ᠲᠡᠭᠳᠡᠷ ᠲᠤ ᠭᠠᠷᠬᠤ᠂ ᠠᠷᠠᠳ ᠤᠨ ᠠᠮᠢᠳᠤᠷᠠᠯ ᠤᠨ ᠰᠠᠶᠢᠵᠢᠷᠠᠯᠳᠠ ᠰᠢᠨ᠎ᠠ ᠲᠦᠪᠰᠢᠨ ᠳᠤ ᠬᠦᠷᠬᠦ᠂ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠡᠬᠦᠳᠬᠦ᠂ ᠦᠨᠳᠦᠰᠦᠳᠡᠨ ᠤ ᠪᠦᠯᠬᠦᠮᠳᠡᠯ ᠤᠨ ᠰᠢᠨ᠎ᠠ ᠬᠦᠭᠵᠢᠯᠳᠡ ᠶᠢ ᠪᠡᠶᠡᠯᠡᠬᠦᠯᠬᠦ ᠠᠵᠢᠯ ᠢ ᠠᠬᠢᠭᠤᠯᠵᠦ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠨᠡᠩ ᠦᠵᠡᠰᠬᠦᠯᠡᠩᠳᠤ ᠰᠠᠶᠢᠬᠠᠨ ᠮᠠᠷᠭᠠᠰᠢ ᠶᠢ ᠡᠬᠦᠳᠦᠨ ᠴᠤᠭᠴᠠᠯᠠᠬᠤ ᠶᠢ ᠬᠦᠰᠡᠵᠦ ᠪᠠᠶᠢᠨ᠎ᠠ ᠬᠡᠪᠡ᠃          ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠪᠠᠷ᠎ᠠ ᠪᠤᠯᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号