1 ᠰᠠᠷ᠎ᠠ ᠶᠢᠨ 5 ᠠᠴᠠ 7 ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠯᠢᠤ ᠴᠢ ᠹᠠᠨ ᠮᠠᠨ ᠤ ᠠᠶᠢᠮᠠᠭ ᠲᠤ | ᠢᠷᠡᠵᠤ ︽ᠲᠦᠷᠪᠡᠨ ᠰᠤᠷᠳᠠᠯ︾ ᠢ ᠤᠯᠠᠮ ᠨᠢᠭᠡ ᠠᠯᠬᠤᠮ ᠵᠠᠯᠠᠷᠠᠭᠤᠯᠬᠤ᠂ ᠰᠤᠷᠳᠠᠯ ᠤᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ᠃ ᠲᠡᠷᠡ ᠴᠢᠬᠤᠯᠠᠴᠢᠯᠠᠬᠤ ᠳᠠᠭᠠᠨ᠂ ᠡᠯ᠎ᠡ | ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠡᠯᠪᠡᠷᠢᠴᠢ ᠦᠵᠡᠯ᠂ ᠨᠤᠶᠠᠨᠴᠢ | ᠦᠵᠠᠯ ᠤᠨ ︽ᠠᠷᠪᠠᠨ ᠢᠯᠡᠷᠡᠯ︾ ᠢ ᠲᠦᠪᠯᠡᠷᠨᠩᠬᠦᠢ ᠴᠡᠭᠴᠡᠯᠡᠬᠦ ᠶᠢ ᠤᠳᠤᠬᠠᠨ ᠪᠤᠯᠤᠨ ᠬᠤᠶᠢᠰᠢᠳᠠ ᠶᠢᠨ ᠨᠢᠭᠡᠨ | ᠬᠤᠭᠤᠴᠠᠭᠠᠨ ᠤ ᠴᠢᠬᠤᠯᠠ ᠠᠵᠢᠯ ᠪᠤᠯᠭᠠᠵᠤ᠂ ︽ᠬᠤᠶᠠᠷ ᠬᠠᠷᠢᠭᠤᠴᠠᠯᠭ᠎ᠠ︾ ᠶᠢᠨ ᠬᠢᠨᠠᠨ ᠵᠢᠯᠤᠭᠤᠳᠬᠤ ᠴᠢᠬᠤᠯᠠ | ᠠᠭᠤᠯᠭ᠎ᠠ ᠪᠤᠯᠭᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠲᠤᠳᠤᠷᠬᠠᠢᠢᠯᠠᠵᠤ᠂ | ᠨᠠᠶᠢᠳᠠᠪᠤᠷᠢᠵᠢᠯᠳᠠ ᠶᠢ ᠠᠳᠬᠤᠵᠤ᠂ ᠰᠤᠷᠳᠠᠯ ᠤᠨ ᠠᠰᠠᠭᠤᠳᠠᠯ ᠳᠤ ᠬᠢᠨᠠᠯᠳᠠ ᠲᠠᠯᠪᠢᠵᠦ ᠰᠠᠬᠢᠯᠭ᠎ᠠ ᠪᠠᠳᠤ ᠶᠢ | ᠭᠡᠷᠡᠭᠵᠢᠬᠦᠯᠤᠨ ᠬᠠᠷᠢᠭᠤᠴᠠᠯᠭ᠎ᠠ ᠨᠡᠭᠡᠮᠵᠢᠯᠡᠬᠦ ᠪᠠᠨ ᠴᠢᠩᠭᠠᠳᠬᠠᠬᠤ ᠭᠡᠷᠡᠭᠲᠡᠢ ᠭᠡᠪᠡ᠃ | ᠯᠢᠤ ᠴᠢ ᠹᠠᠨ ᠤᠷᠢᠳ ᠬᠤᠵᠢᠳ ᠰᠢᠯᠤᠭᠤᠨ ᠬᠦᠭᠡ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠤᠨ | ᠠᠯᠪᠠᠯᠠᠬᠤ ᠭᠠᠵᠠᠷ᠂ ᠲᠤᠯᠤᠨ ᠨᠤᠤᠷ ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ᠂ ᠰᠢᠯᠢ ᠶᠢᠨ | ᠬᠤᠳᠠ ᠶᠢᠨ ᠰᠠᠬᠢᠨ ᠬᠤᠷᠢᠬᠤ ᠭᠠᠵᠠᠷ᠂ ᠠᠪᠠᠭ᠎ᠠ ᠬᠤᠰᠢᠭᠤᠨ ᠤ ᠬᠠᠯᠠᠮᠵᠢ ᠮᠠᠯᠵᠢᠬᠤ ᠤᠷᠤᠨ ᠤ | ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ᠂ ᠰᠦᠨᠢᠳ ᠵᠡᠬᠦᠨ ᠬᠤᠰᠢᠭᠤᠨ ᠤ ᠵᠠᠰᠠᠭ | ᠵᠠᠬᠢᠷᠭᠠᠨ ᠤ ᠪᠠᠶᠢᠴᠠᠭᠠᠬᠤ ᠲᠦᠪ ᠲᠤ ᠪᠠᠶᠢᠴᠠᠭᠠᠨ ᠰᠤᠳᠤᠯᠤᠯᠲᠠ ᠬᠢᠵᠤ᠂ ᠲᠤᠬᠠᠢ ᠶᠢᠨ ᠭᠠᠵᠠᠷ ᠤᠨ ᠺᠠᠳ᠋ᠷ ᠤᠯᠠᠨ | ᠲᠦᠮᠡᠨ ᠲᠠᠢ ᠶᠠᠷᠢᠯᠴᠠᠵᠤ᠂ ᠭᠡᠯᠪᠡᠷᠢᠴᠢ ᠦᠵᠡᠯ᠂ ᠨᠤᠶᠠᠨᠴᠢ ᠦᠵᠡᠯ ᠤᠨ ︽ᠠᠷᠪᠠᠨ ᠢᠯᠠᠷᠠᠯ︾ ᠢ ᠲᠦᠪᠯᠡᠷᠡᠩᠬᠦᠢ | ᠴᠡᠭᠴᠡᠯᠡᠬᠦ ᠳᠤ ᠰᠠᠨᠠᠯ ᠵᠦᠪᠯᠡᠯᠭᠡ ᠬᠤᠷᠢᠶᠠᠵᠠᠢ᠃ | ᠯᠢᠤ ᠴᠢ ᠹᠠᠨ ᠴᠢᠬᠤᠯᠠᠴᠢᠯᠠᠬᠤ ᠳᠠᠭᠠᠨ᠂ ᠭᠡᠯᠪᠡᠷᠢᠴᠢ ᠦᠵᠡᠯ᠂ ᠨᠤᠶᠠᠨᠴᠢ ᠦᠵᠡᠯ ᠢ ᠲᠦᠪᠯᠡᠷᠡᠩᠬᠦᠢ | ᠴᠡᠭᠴᠡᠯᠡᠬᠦ ᠳᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ᠂ ᠵᠠᠰᠠᠭ ᠤᠨ ᠤᠷᠳᠤᠨ ᠤ ᠦᠷᠢ | ᠦᠭᠴᠡᠭᠡ ᠶᠢ ᠰᠢᠢᠳᠪᠤᠷᠢᠯᠡᠬᠦ᠂ ᠵᠠᠰᠠᠭ ᠤᠨ ᠤᠷᠳᠤᠨ ᠤ ᠪᠡᠯᠡ ᠮᠦᠩᠬᠦ ᠶᠢᠨ ᠬᠠᠮᠢᠶᠠᠷᠤᠯᠳᠠ᠂ ᠨᠠᠮ ᠤᠨ | ᠲᠤᠳᠤᠭᠠᠳᠤᠬᠢ ᠤᠯᠤᠰ ᠲᠦᠷᠦ ᠶᠢᠨ ᠠᠮᠢᠳᠤᠷᠠᠯ᠂ ᠦᠨᠳᠤᠰᠤᠨ ᠱᠠᠳᠤᠨ ᠤ ᠨᠡᠶᠢᠭᠡᠮ ᠤᠨ ᠬᠠᠮᠢᠶᠠᠷᠤᠯᠳᠠ ᠵᠡᠷᠭᠡ ︽ | ᠲᠠᠪᠤᠨ ᠬᠦᠷᠢᠶ᠎ᠠ ᠭᠡᠪᠴᠢᠶᠠᠨ︾ ᠳᠤ ᠲᠦᠪᠯᠡᠷᠡᠵᠤ᠂ ᠱᠠᠯᠠᠮᠠᠭᠠᠢᠢᠯᠠᠬᠤ ᠦᠭᠡᠢ᠂ ᠠᠵᠢᠯ ᠪᠦᠳᠦᠭᠡᠬᠦ ᠦᠭᠡᠢ᠂ ᠬᠤᠳᠠᠯ | ᠬᠠᠭᠤᠷᠮᠠᠭᠯᠠᠨ ᠬᠢᠬᠦ᠂ ᠲᠤᠷ᠎ᠠ ᠪᠠᠷ ᠠᠭᠠᠰᠢᠯᠠᠬᠤ ᠵᠡᠷᠭᠡ ︽ᠲᠦᠷᠪᠡᠨ ᠵᠦᠢᠯ ᠤᠨ ᠠᠵᠢᠯᠯᠠᠭ᠎ᠠ︾ ᠶᠢ ᠪᠠᠶᠢᠴᠠᠭᠠᠵᠤ᠂ | ᠤᠯᠠᠨ ᠲᠦᠮᠡᠨ ᠲᠤᠰᠬᠠᠯ ᠶᠡᠭᠡᠳᠠᠢ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠭᠡᠷᠡᠭᠲᠡᠢ᠃ ᠦᠪᠡᠷᠲᠡᠭᠡᠨ ᠵᠠᠰᠠᠬᠤ | ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ ᠤᠷᠤᠨ︶᠂ ᠰᠤᠮᠤ ᠰᠢᠶᠠᠩ ᠪᠠᠯᠭᠠᠰᠤᠨ ᠤ ᠲᠦᠷᠪᠡᠨ | ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠠᠮᠳᠤᠷᠠᠨ ᠬᠦᠳᠡᠯᠦᠯᠴᠡᠵᠤ᠂ ᠰᠤᠷᠳᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠤᠯᠠᠨ ᠲᠦᠮᠡᠨ ᠳᠤ ᠬᠠᠨᠤᠮᠵᠢᠳᠠᠢ ᠬᠠᠷᠢᠭᠤᠯᠳᠠ ᠦᠭᠬᠦ ᠭᠡᠷᠡᠭᠲᠡᠢ ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ | ᠡᠩᠭᠡᠲᠦ᠋ᠪᠰᠢᠨ ᠪᠠᠷ᠎ᠠ ᠪᠤᠯᠵᠤ ᠪᠠᠶᠢᠴᠠᠭᠠᠨ ᠰᠤᠳᠤᠯᠪᠠ᠃ |