ᠤᠯᠤᠰ ᠲᠦᠷᠦ ᠶᠢᠨ ᠵᠦᠪᠯᠡᠯᠬᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ 1 ᠰᠠᠷ᠎ᠠ ᠶᠢᠨ 11᠎ ᠠᠴᠠ 13᠎ ᠤ ᠡᠳᠦᠷ ᠪᠤᠯᠳᠠᠯ᠎ᠠ ᠰᠢᠯᠢ ᠶᠢᠨ ᠬᠤᠳᠠ ᠳᠤ ᠶᠠᠪᠤᠬᠳᠠᠨ᠎ᠠ
ᠨᠡᠶᠢᠲᠡᠯᠡᠭᠰᠡᠨ ᠴᠠᠭ᠄
2018/1/17
    1 ᠰᠠᠷ᠎ᠠ ᠶᠢᠨ 9᠎ ᠤ ᠦᠳᠡ ᠶᠢᠨ ᠡᠮᠦᠨ᠎ᠠ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠠᠯᠪᠠᠨ ᠲᠢᠩᠬᠢᠮ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠦ᠂ ᠰᠢᠯᠢ ᠶᠢᠨ ᠭᠤᠤᠯ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠦᠩᠬᠡᠷᠡᠭᠰᠡᠨ ᠲᠠᠪᠤᠨ ᠵᠢᠯ ᠤᠨ ᠲᠤᠷᠰᠢᠬᠢ ᠠᠵᠢᠯ ᠤᠨ ᠠᠮᠵᠢᠯᠲᠠ ᠪᠦᠲᠦᠮᠵᠢ ᠶᠢ ᠳ᠋ᠦᠩᠨᠡᠵᠦ᠂ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠦ᠋ᠪᠯᠡᠬᠦ ᠵᠦᠢᠯ ᠢ ᠤᠯᠠᠨ ᠳᠤ ᠮᠡᠳᠡᠭᠳᠡᠪᠡ᠃         ᠤᠢᠢᠯᠠᠭᠠᠭᠰᠠᠨ ᠢᠶᠠᠷ᠂ ᠤᠯᠤᠰ ᠲᠦᠷᠦ ᠶᠢᠨ ᠵᠦᠪᠯᠡᠯᠬᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠢ 2018 ᠤᠨ ᠤ 1 ᠰᠠᠷ᠎ᠠ ᠶᠢᠨ 11᠎ ᠠᠴᠠ 13᠎ ᠤ ᠡᠳᠦᠷ ᠪᠤᠯᠳᠠᠯ᠎ᠠ ᠰᠢᠯᠢ ᠶᠢᠨ ᠬᠤᠲᠠ ᠳᠤ ᠬᠤᠷᠠᠯᠳᠤᠭᠤᠯᠤᠨ᠎ᠠ᠃ ᠪᠦᠬᠦ ᠭᠡᠰᠢᠬᠦᠳ ᠤᠨ ᠬᠤᠷᠠᠯ ᠢ 4 ᠤᠳᠠᠭ᠎ᠠ ᠶᠠᠪᠤᠭᠳᠠᠭᠤᠯᠵᠦ᠂ ᠡᠬᠦᠨ ᠳᠤ ᠶᠡᠭᠡ ᠬᠤᠷᠠᠯ ᠢ 4 ᠤᠳᠠᠭ᠎ᠠ᠂ ᠲᠡᠷᠢᠬᠦᠯᠡᠭᠴᠢ ᠶᠢᠨ ᠪᠦᠯᠬᠦᠮ ᠤᠨ ᠬᠤᠷᠠᠯ ᠢ 3 ᠤᠳᠠᠭ᠎ᠠ᠂ ᠪᠠᠶᠢᠩᠭᠤ ᠶᠢᠨ ᠬᠡᠰᠢᠬᠦᠳ ᠤᠨ ᠬᠤᠷᠠᠯ ᠢ 1 ᠤᠳᠠᠭ᠎ᠠ᠂ ᠲᠡᠷᠢᠬᠦᠯᠡᠭᠴᠢᠳ ᠤᠨ ᠬᠤᠷᠠᠯ ᠢ 1 ᠤᠳᠠᠭ᠎ᠠ ᠶᠠᠪᠤᠭᠳᠠᠭᠤᠯᠵᠦ᠂ ᠰᠠᠨᠠᠯ ᠲᠤᠷᠠᠳᠤᠯᠭ᠎ᠠ ᠶᠢ ᠬᠢᠨᠠᠠ ᠵᠦᠪᠯᠡᠬᠦ ᠬᠤᠷᠠᠯ ᠢ 2 ᠤᠳᠠᠭ᠎ᠠ᠂ ᠪᠠᠭ᠎ᠠ ᠲᠤᠭᠤᠢᠢᠯᠠᠩ ᠤᠨ ᠶᠠᠷᠢᠯᠴᠠᠬᠤ ᠬᠤᠷᠠᠯ ᠢ 2 ᠤᠳᠠᠭ᠎ᠠ ᠶᠠᠪᠤᠭᠳᠠᠭᠤᠯᠵᠦ᠂ ᠬᠤᠷᠠᠯ ᠢᠶᠠᠷ ᠲᠠᠮᠵᠢᠭᠤᠯᠤᠨ ᠰᠢᠨ᠎ᠡ ᠨᠢᠬᠡᠨ ᠬᠤᠭᠤᠴᠠᠭᠠᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ᠲᠡᠳ᠋ ᠲᠡᠷᠢᠬᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠠ ᠪᠠᠶᠢᠩᠭᠤ ᠶᠢᠨ ᠬᠡᠰᠢᠬᠦᠳ ᠢ ᠰᠤᠩᠭᠤᠨ ᠭᠠᠷᠭᠠᠬᠤ ᠪᠤᠯᠤᠨ᠎ᠠ᠃         ᠤᠯᠤᠰ ᠲᠦᠷᠦ ᠶᠢᠨ ᠵᠦᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠡ ᠶᠢᠨ ᠬᠡᠰᠢᠬᠦᠳ ᠨᠢ 18 ᠡᠳᠡᠭᠡᠳ ᠢᠯᠭᠠᠯ ᠤᠨ 165 ᠬᠡᠰᠢᠬᠦᠨ ᠢᠶᠠᠷ ᠪᠦᠷᠢᠯᠳᠦᠵᠦ᠂ ᠡᠬᠦᠨ ᠳᠤ ᠨᠠᠮ ᠤᠨ ᠪᠤᠰᠤ ᠡᠳᠡᠭᠡᠳ 60%᠎ ᠶᠢ ᠡᠵᠡᠯᠡᠵᠦ᠂ ᠴᠦᠬᠡᠨ ᠲᠤᠭᠠᠲᠤ ᠦᠨᠳᠦᠰᠦᠳᠡᠨ ᠤ ᠬᠡᠰᠢᠬᠦᠨ 54%᠎ ᠶᠢ ᠡᠵᠡᠯᠡᠵᠦ᠂ ᠡᠮᠡᠭᠳᠡᠢ ᠬᠡᠰᠢᠬᠦᠨ 27%᠎ ᠶᠢ ᠡᠵᠡᠯᠡᠵᠦ᠂ ᠲᠡᠭᠡᠷ᠎ᠡ ᠬᠤᠭᠤᠴᠠᠭᠠᠨ ᠤ ᠬᠡᠰᠢᠬᠦᠨ 42%᠎ ᠢ ᠡᠵᠡᠯᠡᠵᠦ᠂ ᠰᠢᠨ᠎ᠡ ᠬᠡᠰᠢᠬᠦᠨ 58%᠎ ᠶᠢ ᠡᠵᠡᠯᠡᠵᠦ᠂ 165 ᠨᠡᠷᠡᠰ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠢ 5 ᠶᠠᠷᠢᠯᠴᠠᠬᠤ ᠲᠤᠭᠤᠢᠢᠯᠠᠩ ᠬᠤᠪᠢᠶᠠᠵᠦ᠂ ᠬᠤᠷᠠᠯ ᠳᠤ ᠰᠤᠯᠠ ᠤᠷᠤᠯᠴᠠᠬᠤ ᠬᠦᠮᠦᠰ ᠢ ᠡᠯ᠎ᠠ ᠶᠠᠷᠢᠯᠴᠠᠬᠤ ᠲᠤᠭᠤᠢᠢᠯᠠᠩ ᠳᠤ ᠬᠤᠪᠢᠶᠠᠨ ᠤᠷᠤᠯᠴᠠᠭᠤᠯᠤᠨ᠎ᠠ᠃         ᠤᠯᠤᠰ ᠲᠦᠷᠦ ᠶᠢᠨ ᠵᠦᠪᠯᠡᠯᠭᠡᠨ ᠤ ᠲᠦᠷᠢᠮ ᠲᠤᠭᠳᠠᠭᠠᠯ ᠶᠤᠰᠤᠭᠠᠷ᠂ ᠶᠡᠭᠡ ᠬᠤᠷᠠᠯ ᠤᠨ ᠵᠤᠬᠢᠶᠠᠨ ᠪᠠᠶᠢᠭᠤᠯᠬᠤ ᠠᠵᠢᠯ ᠢ ᠶᠡᠭᠡ ᠬᠤᠷᠠᠯ ᠤᠨ ᠲᠡᠷᠢᠬᠦᠯᠡᠭᠴᠢ ᠶᠢᠨ ᠪᠦᠯᠬᠦᠮ ᠠᠴᠠ ᠤᠳᠤᠷᠢᠳᠴᠤ᠂ ᠲᠡᠷᠢᠬᠦᠯᠡᠭᠴᠢ ᠶᠢᠨ ᠪᠦᠯᠬᠦᠮ ᠤᠨ ᠪᠠᠶᠢᠩᠭᠤ ᠶᠢᠨ ᠬᠤᠷᠠᠯ ᠠᠴᠠ ᠲᠡᠷᠢᠭᠦᠯᠡᠭᠴᠢ ᠶᠢᠨ ᠪᠦᠯᠬᠦᠮ ᠤᠨ ᠠᠵᠢᠯ ᠢ ᠡᠷᠬᠢᠯᠡᠵᠦ᠂ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠢ ᠵᠤᠬᠢᠶᠠᠨ ᠪᠠᠶᠢᠭᠤᠯᠵᠦ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ 9 ᠠᠵᠢᠯᠯᠠᠬᠤ ᠲᠤᠭᠤᠢᠢᠯᠠᠩ ᠢ ᠲᠤᠬᠢᠷᠠᠭᠤᠯᠵᠦ᠂ ᠶᠡᠭᠡ ᠬᠤᠷᠠᠯ ᠤᠨ ᠡᠯ᠎ᠠ ᠵᠦᠢᠯ ᠤᠨ ᠦᠢᠯᠡᠴᠢᠯᠡᠬᠡᠨ ᠤ ᠠᠵᠢᠯ ᠢ ᠬᠠᠷᠢᠭᠤᠴᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号