ᠳ᠋ᠤᠺᠲ᠋ᠤᠷ ᠴᠤᠯᠠ ᠬᠠᠮᠠᠭᠠᠯᠠᠬᠰᠠᠨ ᠬᠤᠶᠠᠷ ᠵᠠᠯᠠᠭᠤ ᠬᠤᠨᠢᠨ ᠰᠡᠬᠦᠯ ᠢ ᠡᠷᠲᠡᠨᠢ ᠪᠤᠯᠭᠠᠨ ᠠᠰᠢᠬᠯᠠᠵᠤ ᠳᠠᠯ᠎ᠠ ᠨᠤᠳᠤᠬ ᠤᠨ ᠤᠷᠭᠠᠨᠢᠭ ᠰᠠᠪᠤᠩ ᠭᠠᠳᠠᠭᠠᠲᠤ ᠶᠢᠨ ᠵᠠᠬ᠎ᠠ ᠲᠡᠯᠬᠡᠬᠦᠷ ᠲᠤ ᠭᠠᠷᠤᠯ᠎ᠠ
ᠨᠡᠶᠢᠲᠡᠯᠡᠭᠰᠡᠨ ᠴᠠᠭ᠄
2018-01-17
    ᠶᠠᠫᠤᠨ ᠳᠤ ᠳ᠋ᠤᠺᠲ᠋ᠤᠷ ᠴᠤᠯᠠ ᠬᠠᠮᠠᠭᠠᠯᠠᠵᠤ ᠨᠤᠳᠤᠭ ᠲᠠᠭᠠᠨ ᠢᠷᠡᠭᠰᠠᠨ ᠬᠤᠶᠠᠷ ᠵᠠᠯᠠᠭᠤ ᠦᠵᠦᠮᠦᠴᠢᠨ ᠬᠤᠨᠢᠨ ᠰᠡᠬᠦᠯ ᠢᠶᠠᠷ ᠤᠷᠭᠠᠨᠢᠭ ᠰᠠᠪᠤᠩ ᠦᠢᠯᠡᠳᠪᠤᠷᠢᠯᠡᠵᠤ ᠵᠠᠬ᠎ᠠ ᠳᠡᠯᠭᠡᠬᠦᠷ ᠲᠤ ᠪᠤᠷᠤᠯᠠᠭᠤᠯᠤᠬᠰᠠᠨ ᠪᠦᠭᠡᠳ ᠭᠠᠳᠠᠭᠠᠳᠦ ᠤᠯᠤᠰ ᠤᠨ ᠵᠠᠬ᠎ᠠ ᠳᠤ ᠭᠠᠷᠭᠠᠵᠦ᠂ ᠤᠷᠤᠨ ᠨᠤᠲᠤᠭ ᠤᠨ ᠦᠪᠡᠷᠮᠢᠴᠡ ᠪᠦᠲᠦᠭᠡᠭᠲᠡᠬᠦᠨ ᠢᠶᠠᠨ ᠳᠡᠯᠡᠭᠡᠢ ᠳ᠋ᠠᠬᠢᠨ᠎ᠠ ᠳᠠᠨᠢᠭᠤᠯᠵᠦ ᠪᠠᠶᠢᠨ᠎ᠠ᠃     ᠰᠤᠷᠪᠤᠯᠵᠢᠯᠠᠭᠴᠢ ᠦᠢᠷ᠎ᠠ ᠳᠤ ︽ᠦᠪᠦᠷ ᠮᠤᠩᠭᠤᠯ ᠤᠨ ᠭᠤᠶᠤᠯᠠᠯ ᠭᠤᠸ᠎ᠠ ᠰᠠᠶᠢᠬᠠᠨ ᠤ ᠪᠦᠳᠦᠭᠡᠭᠳᠡᠬᠦᠨ ᠤ ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ︾᠎ ᠳᠤ ᠬᠦᠷᠬᠦ ᠳᠤ ᠳᠡᠳᠡ ᠶᠠᠭ ᠶᠠᠫᠤᠨ ᠤ KINUJO ᠺᠤᠮᠫᠠᠨᠢ ᠲᠠᠢ ᠶᠠᠫᠤᠨ ᠤ ᠵᠠᠬ᠎ᠠ ᠳᠡᠯᠭᠡᠬᠦᠷ ᠲᠤ ᠭᠠᠷᠭᠠᠬᠤ ᠪᠦᠳᠦᠭᠡᠭᠳᠡᠬᠦᠨ ᠤ ᠪᠠᠨ ᠳᠤᠬᠠᠢ ᠨᠠᠷᠢᠨ ᠶᠠᠷᠢᠯᠴᠠᠵᠤ ᠪᠠᠶᠢᠭ᠎ᠠ ᠲᠠᠢ ᠬᠠᠷᠭᠤᠵᠤ᠂ 2018 ᠤᠨ ᠳᠤ ᠶᠠᠫᠦᠨ ᠤᠯᠤᠰ ᠲᠤ 2 ᠳ᠋ᠦᠩᠰᠢᠭᠤᠷ ᠶᠠᠫᠦᠨ ᠵᠤᠭᠤᠰ ᠤᠨ ᠪᠤᠷᠤᠯᠠᠭᠤᠯᠭ᠎ᠠ ᠶᠢᠨ ᠬᠠᠷᠠᠯᠲᠠ ᠶᠢᠨ ᠬᠡᠷ᠎ᠡ ᠲᠤᠭᠲᠠᠪᠠ᠃     ︽ᠦᠪᠦᠷ ᠮᠤᠩᠭᠤᠯ ᠤᠨ ᠭᠤᠶᠤᠯᠠᠯ ᠭᠤᠸ᠎ᠠ ᠰᠠᠶᠢᠬᠠᠨ ᠤ ᠪᠦᠳᠦᠭᠡᠭᠳᠡᠬᠦᠨ ᠤ ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ︾᠎ ᠶᠢᠨ ᠡᠬᠦᠰᠭᠡᠨ ᠪᠠᠶᠢᠭᠤᠯᠤᠭᠴᠢ ᠪᠦᠷᠢᠨ ᠪᠤᠯ ᠰᠢᠯᠢ ᠶᠢᠨ ᠬᠤᠳᠠ ᠶᠢᠨ ᠪᠤᠯᠠᠭᠠᠨ ᠰᠤᠮᠤ ᠪᠠᠷ ᠨᠤᠲᠤᠭᠲᠠᠢ᠃ ᠶᠠᠫᠤᠨ ᠳᠤ 8 ᠵᠢᠯ ᠠᠵᠢᠯᠯᠠᠵᠤ ᠰᠤᠷᠤᠯᠴᠠᠭᠰᠠᠨ ᠳᠡᠷᠡ 2014 ᠤᠨ ᠤ 7 ᠰᠠᠷ᠎ᠠ ᠳᠤ ᠭᠡᠷᠭᠡᠢ ᠲᠠᠢ ᠪᠠᠨ ᠬᠤᠶᠠᠭᠤᠯᠠ ᠳ᠋ᠤᠺᠲ᠋ᠤᠷ ᠴᠤᠯᠠ ᠬᠠᠮᠠᠭᠠᠯᠠᠵᠤ᠂ ᠨᠤᠳᠤᠭ ᠲᠠᠭᠠᠨ ᠪᠤᠴᠠᠵᠤ ᠦᠢᠯᠡᠰ ᠡᠷᠬᠢᠯᠡᠵᠠᠢ᠃ ᠳᠡᠳᠡ ᠬᠤᠶᠠᠭᠤᠯᠠ ᠨᠤᠳᠤᠭ ᠲᠠᠭᠠᠨ ᠢᠷᠡᠭᠰᠡᠨ ᠤ ᠳᠠᠷᠠᠭ᠎ᠠ ᠤᠯᠤᠰ ᠤᠨ ᠳᠤᠳᠤᠭᠠᠳᠤ ᠶᠢᠨ ᠤᠯᠠᠩᠭᠢ ᠬᠦᠮᠦᠰ ᠴᠦᠮ ᠤᠯᠤᠰ ᠤᠨ ᠭᠠᠳᠠᠭᠠᠳᠤ ᠶᠢᠨ ᠭᠤᠸ᠎ᠠ ᠰᠠᠶᠢᠬᠠᠨ ᠤ ᠪᠦᠳᠦᠭᠡᠭᠳᠡᠬᠦᠨ ᠢ ᠬᠡᠷᠡᠭᠯᠡᠵᠤ ᠪᠠᠶᠢᠬᠤ ᠶᠢ ᠦᠵᠡᠭᠡᠳ ᠲᠠᠯ᠎ᠠ ᠨᠤᠳᠤᠭ ᠤᠨ ᠴᠤᠯ ᠪᠠᠶᠢᠭᠠᠯᠢᠯᠢᠭ ᠡᠬᠢ ᠪᠠᠶᠠᠯᠢᠭ ᠪᠤᠯᠬᠤ ᠬᠤᠨᠢᠨ ᠰᠡᠬᠦᠯ᠂ ᠮᠤᠷᠢᠨ ᠳᠤᠰᠤ ᠵᠢᠴᠢ ᠤᠷᠭᠠᠨᠢᠭ ᠤᠷᠭᠤᠮᠠᠯ ᠤᠨ ᠪᠦᠳᠦᠭᠡᠭᠳᠡᠬᠦᠨ ᠢᠶᠠᠷ ᠮᠠᠲ᠋ᠧᠷᠢᠶᠠᠯ ᠪᠤᠯᠭᠠᠵᠤ ᠦᠭᠡᠬᠦᠨ ᠪᠦᠮᠪᠦᠭᠡ ᠳᠡᠮᠳᠡᠭᠳᠤ ᠤᠷᠭᠠᠨᠢᠭ ᠰᠠᠪᠤᠩ ᠬᠢᠬᠦ ᠳᠤᠬᠠᠢ ᠰᠤᠳᠤᠯᠵᠦ᠂ ᠠᠮᠵᠢᠯᠳᠡ ᠲᠠᠢ ᠦᠢᠯᠡᠳᠪᠦᠷᠢᠯᠡᠵᠦ ᠭᠠᠷᠭᠠᠪᠠ᠃     ︽2014 ᠤᠨ ᠳᠤ ᠬᠠᠷᠢᠵᠤ ᠢᠷᠡᠭᠡᠳ ᠡᠬᠡ ᠨᠤᠳᠤᠭ ᠤᠨ ᠢᠶᠠᠨ ᠡᠬᠢ ᠪᠠᠶᠠᠯᠢᠭ ᠢ ᠭᠡᠷᠡᠭᠴᠡᠬᠡᠨ ᠳᠤ ᠤᠷᠤᠭᠤᠯᠵᠤ᠂ ᠮᠠᠯᠵᠢᠬᠤ ᠤᠷᠤᠨ ᠤ ᠠᠵᠤ ᠠᠬᠤᠢ ᠳᠤ ᠬᠤᠪᠢ ᠨᠡᠮᠡᠷᠢ ᠦᠵᠡᠬᠦᠯᠦᠶ᠎ᠡ ᠭᠡᠵᠦ ᠪᠤᠳᠤᠵᠦ ᠪᠠᠶᠢᠬᠰᠠᠨ᠃ ᠳᠡᠭᠡᠬᠦ ᠳᠤ ᠶᠠᠬ ᠬᠤᠨᠢᠨ ᠰᠡᠬᠦᠯ ᠬᠤᠳᠠᠯᠳᠤᠭᠠᠳ ᠦᠨ᠎ᠠ ᠬᠦᠷᠬᠦ ᠦᠭᠡᠢ᠂ ᠭᠡᠷᠡᠭᠴᠡᠭᠡᠨ ᠳᠤ ᠴᠦ ᠤᠷᠤᠭᠤᠯᠵᠦ ᠳᠡᠶᠢᠯᠬᠦ ᠦᠭᠡᠢ ᠪᠠᠶᠢᠭ᠎ᠠ ᠦᠵᠡᠭᠳᠡᠯ ᠠᠴᠠ ᠰᠡᠳᠡᠯᠳᠡ ᠤᠯᠵᠦ᠂ ᠬᠤᠨᠢᠨ ᠰᠡᠬᠦᠯ ᠢ ᠠᠰᠢᠭᠯᠠᠬᠤ ᠠᠷᠭ᠎ᠠ ᠤᠯᠤᠶ᠎ᠠ ᠭᠡᠵᠤ ᠪᠢ ᠦᠪᠡᠷ ᠤᠨ ᠰᠤᠷᠤᠭᠰᠠᠨ ᠬᠢᠮᠢ ᠶᠢᠨ ᠮᠡᠳᠡᠯᠭᠡ ᠪᠠᠨ ᠠᠰᠢᠬᠯᠠᠵᠦ ᠰᠠᠪᠤᠩ ᠬᠢᠬᠦ ᠳᠤᠷᠰᠢᠯᠳᠠ ᠪᠠᠨ ᠭᠡᠷ ᠲᠡᠭᠡᠨ ᠬᠢᠵᠦ ᠡᠬᠢᠯᠡᠭᠰᠡᠨ ᠶᠤᠮ᠃ ᠮᠠᠨ ᠤ ᠰᠠᠪᠤᠩ ᠪᠤᠯ ᠡᠩ ᠤᠨ ᠰᠠᠪᠤᠩ ᠲᠠᠢ ᠠᠳᠠᠯᠢ ᠦᠭᠡᠢ᠂ ᠤᠴᠢᠷ ᠨᠢ ᠪᠢᠳᠡ ᠪᠠᠶᠢᠭᠠᠯᠢᠯᠢᠭ ᠪᠦᠳᠦᠭᠡᠭᠳᠡᠬᠦᠨ ᠢ ᠪᠠᠶᠢᠭᠠᠯᠢᠯᠢᠭ ᠶᠠᠩᠵᠤ ᠪᠠᠷ ᠨᠢ ᠭᠡᠷᠡᠭᠯᠡᠬᠦ ᠳᠤᠯᠠ ᠬᠦᠮᠦᠨ ᠤ ᠪᠡᠶ᠎ᠡ ᠳᠤ ᠶᠠᠮᠠᠷ ᠴᠤ ᠬᠤᠤᠷᠳᠠᠯ ᠦᠭᠡᠢ᠃ ᠪᠢᠳᠠ ᠰᠠᠪᠤᠩ ᠬᠢᠬᠦ ᠳᠤ ᠳᠠᠪᠤᠨ ᠵᠦᠢᠯ ᠤᠨ ᠬᠢᠮᠢ ᠶᠢᠨ ᠪᠦᠳᠦᠭᠡᠭᠳᠡᠬᠦᠨ ᠢ ᠤᠷᠤᠭᠤᠯᠬᠤ ᠦᠭᠡᠢ ᠭᠡᠵᠤ ᠳᠤᠭᠳᠠᠭᠰᠠᠨ︾ ᠬᠡᠵᠤ ᠴᠡᠯᠮᠡᠭ ᠳ᠋ᠤᠺᠲ᠋ᠤᠷ ᠲᠠᠨᠢᠯᠴᠠᠭᠤᠯᠤᠯ᠎ᠠ᠃     ᠳᠡᠳᠡ ᠮᠤᠩᠭᠤᠯᠴᠤᠳ ᠬᠠᠬᠢᠷ ᠡᠪᠤᠯ ᠤᠨ ᠬᠦᠢᠳᠡᠨ ᠳᠤ ᠭᠠᠷ ᠨᠢᠭᠤᠷ ᠲᠠᠭᠠᠨ ᠬᠤᠨᠢᠨ ᠰᠡᠬᠦᠯ ᠤᠨ ᠦᠭᠡᠬᠦ ᠳᠦᠷᠬᠢᠵᠤ ᠬᠦᠯᠳᠡᠵᠤ ᠬᠠᠭᠠᠷᠠᠬᠤ ᠠᠴᠠ ᠰᠡᠷᠬᠡᠶᠢᠯᠡᠳᠡᠭ ᠤᠯᠠᠮᠵᠢᠯᠠᠯ ᠢ ᠮᠦᠷᠳᠡᠵᠦ᠂ ᠪᠡᠯᠴᠢᠬᠡᠷᠯᠡᠬᠦᠯᠦᠭᠰᠡᠨ ᠬᠤᠷᠠᠭᠠᠨ ᠤ ᠰᠡᠬᠦᠯ ᠤᠨ ᠤᠬᠢ ᠰᠢᠮ᠎ᠡ ᠶᠢ ᠨᠢ ᠢᠯᠭᠠᠷᠠᠭᠤᠯᠤᠨ ᠠᠪᠴᠤ᠂ ᠤᠷᠭᠤᠮᠠᠯ ᠤᠨ ᠳᠤᠰᠤ ᠲᠠᠢ ᠨᠡᠶᠢᠯᠡᠬᠦᠯᠦᠨ ᠂ 18 ᠲᠦᠷᠦᠯ ᠤᠨ ᠳᠡᠰ ᠳᠠᠮᠵᠢᠯᠭ᠎ᠠ ᠪᠠᠷ ᠨᠠᠷᠢᠯᠢᠭ ᠡᠳ᠋ᠰᠢᠬᠦᠯᠤᠨ᠂ 45 ᠡᠳᠤᠷ ᠳᠤᠭᠳᠠᠮᠠᠯ ᠳᠤᠯᠠᠭᠠᠨ᠂ ᠴᠢᠬᠢᠭ ᠤᠨ ᠨᠦᠬᠦᠴᠡᠯ ᠢᠶᠠᠷ ᠡᠪᠡᠷᠡᠭᠡᠵᠤ᠂ ᠴᠤᠯ ᠪᠠᠶᠢᠭᠠᠯᠢᠯᠢᠭ ᠤᠷᠭᠠᠨᠢᠭ ᠰᠠᠪᠤᠩ ᠢ ᠦᠢᠯᠡᠳᠪᠤᠷᠢᠯᠡᠵᠤ ᠭᠠᠷᠭᠠᠳᠠᠭ ᠪᠠᠶᠢᠨ᠎ᠠ᠃ 2016 ᠤᠨ ᠳᠤ ︽ᠦᠪᠦᠷ ᠮᠤᠩᠭᠤᠯ ᠤᠨ ᠭᠤᠶᠤᠯᠠᠯ ᠭᠤᠸ᠎ᠠ ᠰᠠᠶᠢᠬᠠᠨ ᠤ ᠪᠦᠳᠦᠭᠡᠭᠳᠡᠬᠦᠨ ᠤ ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ︾᠎ ᠪᠠᠨ ᠳᠠᠩᠰᠠᠯᠠᠨ ᠪᠠᠶᠢᠭᠤᠯᠵᠤ᠂ ᠤᠳᠤ ᠪᠤᠯᠬᠤ ᠳᠤ 5500 ᠮᠥ ᠨᠤᠳᠤᠬ ᠪᠡᠯᠴᠢᠬᠡᠷ ᠳᠡᠭᠡᠷ᠎ᠡ ᠪᠠᠨ 250 ᠬᠠᠪᠳᠠᠭᠠᠢ ᠳᠦᠷᠪᠡᠯᠵᠢᠨ ᠮᠧᠳ᠋ᠷ ᠤᠨ ᠦᠢᠯᠡᠳᠪᠤᠷᠢᠯᠡᠯ ᠤᠨ ᠲᠠᠰᠤᠭ ᠪᠠᠶᠢᠭᠤᠯᠵᠤ᠂ ᠡᠳᠤᠷ ᠲᠤ 1000 ᠭᠠᠷᠤᠢ ᠰᠠᠪᠤᠩ ᠦᠢᠯᠡᠳᠪᠤᠷᠢᠯᠡᠵᠤ ᠪᠠᠶᠢᠨ᠎ᠠ᠃     ︽ᠬᠤᠶᠠᠷ ᠵᠢᠯ ᠢᠯᠡᠬᠦᠦ ᠶᠢᠨ ᠴᠢᠷᠮᠠᠶᠢᠯᠭ᠎ᠠ ᠪᠠᠷ ᠳᠠᠮᠵᠢᠨ ᠮᠠᠨ ᠤ ᠪᠦᠳᠦᠭᠡᠭᠳᠡᠬᠦᠨ ᠨᠡᠯᠢᠶᠡᠳ ᠳᠤᠭᠳᠠᠪᠤᠷᠢᠵᠢᠬᠰᠡᠨ᠂ ᠴᠢᠨᠠᠷᠯᠢᠬ ᠪᠦᠳᠦᠭᠡᠭᠳᠡᠭᠦᠨ ᠪᠤᠯᠤᠬᠰᠠᠨ ᠪᠦᠭᠡᠳ ᠪᠠᠰᠠ ᠶᠠᠫᠤᠨ ᠳᠤ ᠵᠠᠬᠢᠶᠠᠯᠠᠭ᠎ᠠ ᠪᠠᠷ ᠪᠤᠷᠤᠯᠠᠭᠤᠯᠤᠬᠳᠠᠬᠤ ᠪᠤᠯᠪᠠ᠃ ᠤᠳᠤ ᠪᠢᠳᠡ ᠪᠦᠬᠦ ᠳᠠᠯ᠎ᠠ ᠪᠠᠷ ᠵᠠᠬ᠎ᠠ ᠳᠡᠯᠭᠡᠬᠦᠷ ᠢᠶᠠᠨ ᠨᠡᠭᠡᠭᠡᠬᠦ ᠪᠠᠷ ᠳᠦᠯᠦᠪᠯᠡᠵᠤ ᠪᠠᠶᠢᠨ᠎ᠠ᠃ 2018 ᠤᠨ ᠳᠤ ᠰᠠᠪᠤᠩ ᠤᠨ ᠢᠶᠠᠨ ᠳᠦᠷᠦᠯ ᠵᠦᠢᠯ ᠢ ᠤᠯᠠᠨ ᠪᠤᠯᠭᠠᠵᠤ᠂ 8 — 10 ᠳᠦᠷᠦᠯ ᠤᠨ ᠰᠠᠪᠤᠩ ᠭᠠᠷᠭᠠᠨ᠎ᠠ᠃ ᠵᠢᠱᠢᠶᠡᠯᠡᠪᠡᠯ᠂ ᠳᠡᠮᠡᠭᠡᠨ ᠪᠦᠬᠦ ᠶᠢᠨ ᠰᠠᠪᠤᠩ᠂ ᠢᠡᠭᠬᠢᠨ ᠰᠦ ᠶᠢᠨ ᠰᠠᠪᠤᠩ᠂ ᠡᠬᠡ ᠨᠢᠯᠬᠠᠰ ᠤᠨ ᠰᠠᠪᠤᠩ ᠢ ᠦᠢᠯᠡᠳᠪᠤᠷᠢᠯᠡᠬᠦ ᠪᠠᠷ ᠳᠦᠯᠦᠪᠯᠡᠵᠤ ᠪᠠᠶᠢᠨ᠎ᠠ᠃ ᠤᠲᠤᠬᠠᠨ ᠳᠤ ᠵᠠᠷᠢᠮ ᠬᠤᠷᠰᠢᠶᠠᠵᠢᠯ ᠦᠪᠡᠷ ᠤᠨ ᠪᠠᠶᠢᠭᠠᠯᠢᠯᠢᠭ ᠪᠦᠲᠦᠭᠡᠭᠲᠡᠬᠦᠨ ᠢᠶᠠᠨ ᠨᠠᠷᠢᠯᠢᠭ ᠡᠳ᠋ᠰᠢᠬᠦᠯᠬᠦ ᠲᠤᠮᠲᠠ ᠬᠤᠨᠢᠨ ᠰᠡᠬᠦᠯ ᠢᠶᠠᠨ ᠬᠤᠲᠠᠯᠲᠤᠵᠤ ᠲᠡᠶᠢᠯᠬᠦ ᠦᠬᠡᠢ ᠠᠰᠠᠭᠤᠲᠠᠯ ᠲᠤᠯᠭᠠᠷᠠᠵᠤ ᠪᠠᠶᠢᠨ᠎ᠠ᠃ ᠡᠨᠡᠬᠦ ᠪᠠᠶᠢᠲᠠᠯ ᠳᠤ ᠴᠢᠭᠯᠡᠬᠦᠯᠦᠨ ᠪᠢᠳᠡ ᠮᠠᠯᠴᠢᠳ ᠤᠨ ᠬᠤᠷᠰᠢᠶᠠᠵᠢᠯ ᠢᠶᠠᠷ ᠲᠡᠮᠵᠢᠨ ᠬᠤᠨᠢᠨ ᠰᠡᠬᠦᠯ ᠬᠤᠲᠠᠯᠳᠤᠨ ᠠᠪᠴᠦ᠂ ᠲᠦᠬᠦᠬᠡᠢ ᠮᠠᠲ᠋ᠧᠷᠢᠶᠠᠯ ᠤᠨ ᠢᠶᠠᠨ ᠴᠢᠨᠠᠷ ᠢ ᠪᠠᠳᠤᠯᠠᠬᠤ ᠪᠠᠷ ᠪᠠᠷᠠᠬᠤ ᠦᠬᠡᠢ ᠮᠠᠯᠴᠢᠳ ᠤᠨ ᠬᠤᠷᠰᠢᠶᠠᠵᠢᠯ ᠤᠨ ᠬᠦᠴᠢᠷᠳᠡᠯ ᠢ ᠰᠢᠢᠳᠪᠦᠷᠢᠯᠡᠬᠦ ᠪᠠᠷ ᠵᠤᠷᠢᠵᠦ ᠪᠠᠶᠢᠨ᠎ᠠ︾ ᠬᠡᠵᠤ ᠪᠦᠷᠢᠨ ᠪᠤᠲᠤᠯ ᠢᠶᠠᠨ ᠶᠠᠷᠢᠯ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号