ᠯᠢᠤ ᠴᠢ ᠹᠠᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ︽ᠲᠠᠪᠤᠨ ᠬᠦᠷᠢᠶ᠎ᠠ ᠭᠡᠪᠴᠢᠶᠠᠨ︾ ᠳᠤ ᠲᠦᠪᠯᠡᠷᠡᠵᠤ ︽ᠲᠦᠷᠪᠡᠨ ᠠᠵᠢᠯᠯᠠᠭ᠎ᠠ︾ ᠶᠢ ᠴᠢᠩᠭ᠎ᠠ ᠪᠠᠶᠢᠴᠠᠭᠠᠨ ᠭᠡᠯᠪᠡᠷᠢᠴᠢ ᠦᠵᠡᠯ ᠨᠤᠶᠠᠨᠴᠢ ᠦᠵᠡᠯ ᠤᠨ ︽ᠠᠷᠪᠠᠨ ᠢᠯᠡᠷᠡᠯ︾ ᠢ ᠡᠷᠡᠰ ᠬᠤᠷᠢᠭᠯᠠᠬᠤ ᠭᠡᠷᠡᠭᠲᠡᠢ
ᠨᠡᠶᠢᠲᠡᠯᠡᠭᠰᠡᠨ ᠴᠠᠭ᠄
2018/1/17
    1 ᠰᠠᠷ᠎ᠠ ᠶᠢᠨ 5 ᠠᠴᠠ 7 ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠯᠢᠤ ᠴᠢ ᠹᠠᠨ ᠮᠠᠨ ᠤ ᠠᠶᠢᠮᠠᠭ ᠲᠤ ᠢᠷᠡᠵᠤ ︽ᠲᠦᠷᠪᠡᠨ ᠰᠤᠷᠳᠠᠯ︾ ᠢ ᠤᠯᠠᠮ ᠨᠢᠭᠡ ᠠᠯᠬᠤᠮ ᠵᠠᠯᠠᠷᠠᠭᠤᠯᠬᠤ᠂ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ᠃ ᠲᠡᠷᠡ ᠴᠢᠬᠤᠯᠠᠴᠢᠯᠠᠬᠤ ᠳᠠᠭᠠᠨ᠂ ᠡᠯ᠎ᠡ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠡᠯᠪᠡᠷᠢᠴᠢ ᠦᠵᠡᠯ᠂ ᠨᠤᠶᠠᠨᠴᠢ ᠦᠵᠠᠯ ᠤᠨ ︽ᠠᠷᠪᠠᠨ ᠢᠯᠡᠷᠡᠯ︾  ᠢ ᠲᠦᠪᠯᠡᠷᠨᠩᠬᠦᠢ ᠴᠡᠭᠴᠡᠯᠡᠬᠦ ᠶᠢ ᠤᠳᠤᠬᠠᠨ ᠪᠤᠯᠤᠨ ᠬᠤᠶᠢᠰᠢᠳᠠ ᠶᠢᠨ ᠨᠢᠭᠡᠨ ᠬᠤᠭᠤᠴᠠᠭᠠᠨ ᠤ ᠴᠢᠬᠤᠯᠠ ᠠᠵᠢᠯ ᠪᠤᠯᠭᠠᠵᠤ᠂ ︽ᠬᠤᠶᠠᠷ ᠬᠠᠷᠢᠭᠤᠴᠠᠯᠭ᠎ᠠ︾ ᠶᠢᠨ ᠬᠢᠨᠠᠨ ᠵᠢᠯᠤᠭᠤᠳᠬᠤ ᠴᠢᠬᠤᠯᠠ ᠠᠭᠤᠯᠭ᠎ᠠ ᠪᠤᠯᠭᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠲᠤᠳᠤᠷᠬᠠᠢᠢᠯᠠᠵᠤ᠂ ᠨᠠᠶᠢᠳᠠᠪᠤᠷᠢᠵᠢᠯᠳᠠ ᠶᠢ ᠠᠳᠬᠤᠵᠤ᠂ ᠰᠤᠷᠳᠠᠯ ᠤᠨ ᠠᠰᠠᠭᠤᠳᠠᠯ ᠳᠤ ᠬᠢᠨᠠᠯᠳᠠ ᠲᠠᠯᠪᠢᠵᠦ ᠰᠠᠬᠢᠯᠭ᠎ᠠ ᠪᠠᠳᠤ ᠶᠢ ᠭᠡᠷᠡᠭᠵᠢᠬᠦᠯᠤᠨ ᠬᠠᠷᠢᠭᠤᠴᠠᠯᠭ᠎ᠠ ᠨᠡᠭᠡᠮᠵᠢᠯᠡᠬᠦ ᠪᠠᠨ ᠴᠢᠩᠭᠠᠳᠬᠠᠬᠤ ᠭᠡᠷᠡᠭᠲᠡᠢ ᠭᠡᠪᠡ᠃     ᠯᠢᠤ ᠴᠢ ᠹᠠᠨ ᠤᠷᠢᠳ ᠬᠤᠵᠢᠳ ᠰᠢᠯᠤᠭᠤᠨ ᠬᠦᠭᠡ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠤᠨ ᠠᠯᠪᠠᠯᠠᠬᠤ ᠭᠠᠵᠠᠷ᠂ ᠲᠤᠯᠤᠨ ᠨᠤᠤᠷ ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ᠂ ᠰᠢᠯᠢ ᠶᠢᠨ ᠬᠤᠳᠠ ᠶᠢᠨ ᠰᠠᠬᠢᠨ ᠬᠤᠷᠢᠬᠤ ᠭᠠᠵᠠᠷ᠂ ᠠᠪᠠᠭ᠎ᠠ ᠬᠤᠰᠢᠭᠤᠨ ᠤ ᠬᠠᠯᠠᠮᠵᠢ ᠮᠠᠯᠵᠢᠬᠤ ᠤᠷᠤᠨ ᠤ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ᠂ ᠰᠦᠨᠢᠳ ᠵᠡᠬᠦᠨ ᠬᠤᠰᠢᠭᠤᠨ ᠤ ᠵᠠᠰᠠᠭ ᠵᠠᠬᠢᠷᠭᠠᠨ ᠤ ᠪᠠᠶᠢᠴᠠᠭᠠᠬᠤ ᠲᠦᠪ ᠲᠤ ᠪᠠᠶᠢᠴᠠᠭᠠᠨ ᠰᠤᠳᠤᠯᠤᠯᠲᠠ ᠬᠢᠵᠤ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠶᠠᠷᠢᠯᠴᠠᠵᠤ᠂ ᠭᠡᠯᠪᠡᠷᠢᠴᠢ ᠦᠵᠡᠯ᠂ ᠨᠤᠶᠠᠨᠴᠢ ᠦᠵᠡᠯ ᠤᠨ ︽ᠠᠷᠪᠠᠨ ᠢᠯᠠᠷᠠᠯ︾ ᠢ ᠲᠦᠪᠯᠡᠷᠡᠩᠬᠦᠢ ᠴᠡᠭᠴᠡᠯᠡᠬᠦ ᠳᠤ ᠰᠠᠨᠠᠯ ᠵᠦᠪᠯᠡᠯᠭᠡ ᠬᠤᠷᠢᠶᠠᠵᠠᠢ᠃     ᠯᠢᠤ ᠴᠢ ᠹᠠᠨ ᠴᠢᠬᠤᠯᠠᠴᠢᠯᠠᠬᠤ ᠳᠠᠭᠠᠨ᠂ ᠭᠡᠯᠪᠡᠷᠢᠴᠢ ᠦᠵᠡᠯ᠂ ᠨᠤᠶᠠᠨᠴᠢ ᠦᠵᠡᠯ ᠢ ᠲᠦᠪᠯᠡᠷᠡᠩᠬᠦᠢ ᠴᠡᠭᠴᠡᠯᠡᠬᠦ ᠳᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠤᠷᠢᠯᠡᠬᠦ᠂ ᠵᠠᠰᠠᠭ ᠤᠨ ᠤᠷᠳᠤᠨ ᠤ ᠪᠡᠯᠡ ᠮᠦᠩᠬᠦ ᠶᠢᠨ ᠬᠠᠮᠢᠶᠠᠷᠤᠯᠳᠠ᠂ ᠨᠠᠮ ᠤᠨ ᠲᠤᠳᠤᠭᠠᠳᠤᠬᠢ ᠤᠯᠤᠰ ᠲᠦᠷᠦ ᠶᠢᠨ ᠠᠮᠢᠳᠤᠷᠠᠯ᠂ ᠦᠨᠳᠤᠰᠤᠨ ᠱᠠᠳᠤᠨ ᠤ ᠨᠡᠶᠢᠭᠡᠮ ᠤᠨ ᠬᠠᠮᠢᠶᠠᠷᠤᠯᠳᠠ ᠵᠡᠷᠭᠡ ︽ᠲᠠᠪᠤᠨ ᠬᠦᠷᠢᠶ᠎ᠠ ᠭᠡᠪᠴᠢᠶᠠᠨ︾ ᠳᠤ ᠲᠦᠪᠯᠡᠷᠡᠵᠤ᠂ ᠱᠠᠯᠠᠮᠠᠭᠠᠢᠢᠯᠠᠬᠤ ᠦᠭᠡᠢ᠂ ᠠᠵᠢᠯ ᠪᠦᠳᠦᠭᠡᠬᠦ ᠦᠭᠡᠢ᠂ ᠬᠤᠳᠠᠯ ᠬᠠᠭᠤᠷᠮᠠᠭᠯᠠᠨ ᠬᠢᠬᠦ᠂ ᠲᠤᠷ᠎ᠠ ᠪᠠᠷ ᠠᠭᠠᠰᠢᠯᠠᠬᠤ ᠵᠡᠷᠭᠡ ︽ᠲᠦᠷᠪᠡᠨ ᠵᠦᠢᠯ ᠤᠨ ᠠᠵᠢᠯᠯᠠᠭ᠎ᠠ︾ ᠶᠢ ᠪᠠᠶᠢᠴᠠᠭᠠᠵᠤ᠂ ᠤᠯᠠᠨ ᠲᠦᠮᠡᠨ ᠲᠤᠰᠬᠠᠯ ᠶᠡᠭᠡᠳᠠᠢ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠭᠡᠷᠡᠭᠲᠡᠢ᠃ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ ᠤᠷᠤᠨ︶᠂ ᠰᠤᠮᠤ ᠰᠢᠶᠠᠩ ᠪᠠᠯᠭᠠᠰᠤᠨ ᠤ ᠲᠦᠷᠪᠡᠨ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠠᠮᠳᠤᠷᠠᠨ ᠬᠦᠳᠡᠯᠦᠯᠴᠡᠵᠤ᠂ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠳᠤ ᠬᠠᠨᠤᠮᠵᠢᠳᠠᠢ ᠬᠠᠷᠢᠭᠤᠯᠳᠠ ᠦᠭᠬᠦ ᠭᠡᠷᠡᠭᠲᠡᠢ ᠭᠡᠪᠡ᠃     ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠡᠩᠭᠡᠲᠦ᠋ᠪᠰᠢᠨ ᠪᠠᠷ᠎ᠠ ᠪᠤᠯᠵᠤ ᠪᠠᠶᠢᠴᠠᠭᠠᠨ ᠰᠤᠳᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号