ᠶᠠᠫᠤᠨ ᠳᠤ ᠳ᠋ᠤᠺᠲ᠋ᠤᠷ ᠴᠤᠯᠠ ᠬᠠᠮᠠᠭᠠᠯᠠᠵᠤ ᠨᠤᠳᠤᠭ ᠲᠠᠭᠠᠨ ᠢᠷᠡᠭᠰᠠᠨ ᠬᠤᠶᠠᠷ ᠵᠠᠯᠠᠭᠤ ᠦᠵᠦᠮᠦᠴᠢᠨ ᠬᠤᠨᠢᠨ | ᠰᠡᠬᠦᠯ ᠢᠶᠠᠷ ᠤᠷᠭᠠᠨᠢᠭ ᠰᠠᠪᠤᠩ ᠦᠢᠯᠡᠳᠪᠤᠷᠢᠯᠡᠵᠤ ᠵᠠᠬ᠎ᠠ ᠳᠡᠯᠭᠡᠬᠦᠷ ᠲᠤ ᠪᠤᠷᠤᠯᠠᠭᠤᠯᠤᠬᠰᠠᠨ ᠪᠦᠭᠡᠳ ᠭᠠᠳᠠᠭᠠᠳᠦ | ᠤᠯᠤᠰ ᠤᠨ ᠵᠠᠬ᠎ᠠ ᠳᠤ ᠭᠠᠷᠭᠠᠵᠦ᠂ ᠤᠷᠤᠨ ᠨᠤᠲᠤᠭ ᠤᠨ ᠦᠪᠡᠷᠮᠢᠴᠡ ᠪᠦᠲᠦᠭᠡᠭᠲᠡᠬᠦᠨ ᠢᠶᠠᠨ ᠳᠡᠯᠡᠭᠡᠢ ᠳ᠋ᠠᠬᠢᠨ᠎ᠠ | ᠳᠠᠨᠢᠭᠤᠯᠵᠦ ᠪᠠᠶᠢᠨ᠎ᠠ᠃ | ᠰᠤᠷᠪᠤᠯᠵᠢᠯᠠᠭᠴᠢ ᠦᠢᠷ᠎ᠠ ᠳᠤ ︽ᠦᠪᠦᠷ ᠮᠤᠩᠭᠤᠯ ᠤᠨ ᠭᠤᠶᠤᠯᠠᠯ ᠭᠤᠸ᠎ᠠ ᠰᠠᠶᠢᠬᠠᠨ ᠤ ᠪᠦᠳᠦᠭᠡᠭᠳᠡᠬᠦᠨ ᠤ | ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ︾ ᠳᠤ ᠬᠦᠷᠬᠦ ᠳᠤ ᠳᠡᠳᠡ ᠶᠠᠭ ᠶᠠᠫᠤᠨ ᠤ KINUJO ᠺᠤᠮᠫᠠᠨᠢ ᠲᠠᠢ | ᠶᠠᠫᠤᠨ ᠤ ᠵᠠᠬ᠎ᠠ ᠳᠡᠯᠭᠡᠬᠦᠷ ᠲᠤ ᠭᠠᠷᠭᠠᠬᠤ ᠪᠦᠳᠦᠭᠡᠭᠳᠡᠬᠦᠨ ᠤ ᠪᠠᠨ ᠳᠤᠬᠠᠢ ᠨᠠᠷᠢᠨ ᠶᠠᠷᠢᠯᠴᠠᠵᠤ ᠪᠠᠶᠢᠭ᠎ᠠ ᠲᠠᠢ | ᠬᠠᠷᠭᠤᠵᠤ᠂ 2018 ᠤᠨ ᠳᠤ ᠶᠠᠫᠦᠨ ᠤᠯᠤᠰ ᠲᠤ 2 ᠳ᠋ᠦᠩᠰᠢᠭᠤᠷ ᠶᠠᠫᠦᠨ ᠵᠤᠭᠤᠰ ᠤᠨ ᠪᠤᠷᠤᠯᠠᠭᠤᠯᠭ᠎ᠠ ᠶᠢᠨ | ᠬᠠᠷᠠᠯᠲᠠ ᠶᠢᠨ ᠬᠡᠷ᠎ᠡ ᠲᠤᠭᠲᠠᠪᠠ᠃ | ︽ᠦᠪᠦᠷ ᠮᠤᠩᠭᠤᠯ ᠤᠨ ᠭᠤᠶᠤᠯᠠᠯ ᠭᠤᠸ᠎ᠠ ᠰᠠᠶᠢᠬᠠᠨ ᠤ ᠪᠦᠳᠦᠭᠡᠭᠳᠡᠬᠦᠨ ᠤ ᠬᠢᠵᠠᠭᠠᠷᠳᠠᠢ ᠬᠠᠷᠢᠭᠤᠴᠠᠯᠭᠠᠳᠤ | ᠺᠤᠮᠫᠠᠨᠢ︾ ᠶᠢᠨ ᠡᠬᠦᠰᠭᠡᠨ ᠪᠠᠶᠢᠭᠤᠯᠤᠭᠴᠢ ᠪᠦᠷᠢᠨ ᠪᠤᠯ ᠰᠢᠯᠢ ᠶᠢᠨ ᠬᠤᠳᠠ ᠶᠢᠨ ᠪᠤᠯᠠᠭᠠᠨ ᠰᠤᠮᠤ ᠪᠠᠷ ᠨᠤᠲᠤᠭᠲᠠᠢ᠃ | ᠶᠠᠫᠤᠨ ᠳᠤ 8 ᠵᠢᠯ ᠠᠵᠢᠯᠯᠠᠵᠤ ᠰᠤᠷᠤᠯᠴᠠᠭᠰᠠᠨ ᠳᠡᠷᠡ 2014 ᠤᠨ ᠤ 7 ᠰᠠᠷ᠎ᠠ ᠳᠤ ᠭᠡᠷᠭᠡᠢ ᠲᠠᠢ ᠪᠠᠨ | ᠬᠤᠶᠠᠭᠤᠯᠠ ᠳ᠋ᠤᠺᠲ᠋ᠤᠷ ᠴᠤᠯᠠ ᠬᠠᠮᠠᠭᠠᠯᠠᠵᠤ᠂ ᠨᠤᠳᠤᠭ ᠲᠠᠭᠠᠨ ᠪᠤᠴᠠᠵᠤ ᠦᠢᠯᠡᠰ ᠡᠷᠬᠢᠯᠡᠵᠠᠢ᠃ ᠳᠡᠳᠡ | ᠬᠤᠶᠠᠭᠤᠯᠠ ᠨᠤᠳᠤᠭ ᠲᠠᠭᠠᠨ ᠢᠷᠡᠭᠰᠡᠨ ᠤ ᠳᠠᠷᠠᠭ᠎ᠠ ᠤᠯᠤᠰ ᠤᠨ ᠳᠤᠳᠤᠭᠠᠳᠤ ᠶᠢᠨ ᠤᠯᠠᠩᠭᠢ ᠬᠦᠮᠦᠰ ᠴᠦᠮ | ᠤᠯᠤᠰ ᠤᠨ ᠭᠠᠳᠠᠭᠠᠳᠤ ᠶᠢᠨ ᠭᠤᠸ᠎ᠠ ᠰᠠᠶᠢᠬᠠᠨ ᠤ ᠪᠦᠳᠦᠭᠡᠭᠳᠡᠬᠦᠨ ᠢ ᠬᠡᠷᠡᠭᠯᠡᠵᠤ ᠪᠠᠶᠢᠬᠤ ᠶᠢ ᠦᠵᠡᠭᠡᠳ ᠲᠠᠯ᠎ᠠ | ᠨᠤᠳᠤᠭ ᠤᠨ ᠴᠤᠯ ᠪᠠᠶᠢᠭᠠᠯᠢᠯᠢᠭ ᠡᠬᠢ ᠪᠠᠶᠠᠯᠢᠭ ᠪᠤᠯᠬᠤ ᠬᠤᠨᠢᠨ ᠰᠡᠬᠦᠯ᠂ ᠮᠤᠷᠢᠨ ᠳᠤᠰᠤ ᠵᠢᠴᠢ ᠤᠷᠭᠠᠨᠢᠭ | ᠤᠷᠭᠤᠮᠠᠯ ᠤᠨ ᠪᠦᠳᠦᠭᠡᠭᠳᠡᠬᠦᠨ ᠢᠶᠠᠷ ᠮᠠᠲ᠋ᠧᠷᠢᠶᠠᠯ ᠪᠤᠯᠭᠠᠵᠤ ᠦᠭᠡᠬᠦᠨ ᠪᠦᠮᠪᠦᠭᠡ ᠳᠡᠮᠳᠡᠭᠳᠤ ᠤᠷᠭᠠᠨᠢᠭ ᠰᠠᠪᠤᠩ ᠬᠢᠬᠦ | ᠳᠤᠬᠠᠢ ᠰᠤᠳᠤᠯᠵᠦ᠂ ᠠᠮᠵᠢᠯᠳᠡ ᠲᠠᠢ ᠦᠢᠯᠡᠳᠪᠦᠷᠢᠯᠡᠵᠦ ᠭᠠᠷᠭᠠᠪᠠ᠃ | ︽2014 ᠤᠨ ᠳᠤ ᠬᠠᠷᠢᠵᠤ ᠢᠷᠡᠭᠡᠳ ᠡᠬᠡ ᠨᠤᠳᠤᠭ ᠤᠨ ᠢᠶᠠᠨ ᠡᠬᠢ ᠪᠠᠶᠠᠯᠢᠭ ᠢ ᠭᠡᠷᠡᠭᠴᠡᠬᠡᠨ ᠳᠤ | ᠤᠷᠤᠭᠤᠯᠵᠤ᠂ ᠮᠠᠯᠵᠢᠬᠤ ᠤᠷᠤᠨ ᠤ ᠠᠵᠤ ᠠᠬᠤᠢ ᠳᠤ ᠬᠤᠪᠢ ᠨᠡᠮᠡᠷᠢ ᠦᠵᠡᠬᠦᠯᠦᠶ᠎ᠡ ᠭᠡᠵᠦ ᠪᠤᠳᠤᠵᠦ ᠪᠠᠶᠢᠬᠰᠠᠨ᠃ | ᠳᠡᠭᠡᠬᠦ ᠳᠤ ᠶᠠᠬ ᠬᠤᠨᠢᠨ ᠰᠡᠬᠦᠯ ᠬᠤᠳᠠᠯᠳᠤᠭᠠᠳ ᠦᠨ᠎ᠠ ᠬᠦᠷᠬᠦ ᠦᠭᠡᠢ᠂ ᠭᠡᠷᠡᠭᠴᠡᠭᠡᠨ ᠳᠤ ᠴᠦ ᠤᠷᠤᠭᠤᠯᠵᠦ | ᠳᠡᠶᠢᠯᠬᠦ ᠦᠭᠡᠢ ᠪᠠᠶᠢᠭ᠎ᠠ ᠦᠵᠡᠭᠳᠡᠯ ᠠᠴᠠ ᠰᠡᠳᠡᠯᠳᠡ ᠤᠯᠵᠦ᠂ ᠬᠤᠨᠢᠨ ᠰᠡᠬᠦᠯ ᠢ ᠠᠰᠢᠭᠯᠠᠬᠤ ᠠᠷᠭ᠎ᠠ ᠤᠯᠤᠶ᠎ᠠ | ᠭᠡᠵᠤ ᠪᠢ ᠦᠪᠡᠷ ᠤᠨ ᠰᠤᠷᠤᠭᠰᠠᠨ ᠬᠢᠮᠢ ᠶᠢᠨ ᠮᠡᠳᠡᠯᠭᠡ ᠪᠠᠨ ᠠᠰᠢᠬᠯᠠᠵᠦ ᠰᠠᠪᠤᠩ ᠬᠢᠬᠦ ᠳᠤᠷᠰᠢᠯᠳᠠ ᠪᠠᠨ | ᠭᠡᠷ ᠲᠡᠭᠡᠨ ᠬᠢᠵᠦ ᠡᠬᠢᠯᠡᠭᠰᠡᠨ ᠶᠤᠮ᠃ ᠮᠠᠨ ᠤ ᠰᠠᠪᠤᠩ ᠪᠤᠯ ᠡᠩ ᠤᠨ ᠰᠠᠪᠤᠩ ᠲᠠᠢ ᠠᠳᠠᠯᠢ ᠦᠭᠡᠢ᠂ ᠤᠴᠢᠷ ᠨᠢ | ᠪᠢᠳᠡ ᠪᠠᠶᠢᠭᠠᠯᠢᠯᠢᠭ ᠪᠦᠳᠦᠭᠡᠭᠳᠡᠬᠦᠨ ᠢ ᠪᠠᠶᠢᠭᠠᠯᠢᠯᠢᠭ ᠶᠠᠩᠵᠤ ᠪᠠᠷ ᠨᠢ ᠭᠡᠷᠡᠭᠯᠡᠬᠦ ᠳᠤᠯᠠ ᠬᠦᠮᠦᠨ ᠤ ᠪᠡᠶ᠎ᠡ ᠳᠤ ᠶᠠᠮᠠᠷ | ᠴᠤ ᠬᠤᠤᠷᠳᠠᠯ ᠦᠭᠡᠢ᠃ ᠪᠢᠳᠠ ᠰᠠᠪᠤᠩ ᠬᠢᠬᠦ ᠳᠤ ᠳᠠᠪᠤᠨ ᠵᠦᠢᠯ ᠤᠨ ᠬᠢᠮᠢ ᠶᠢᠨ ᠪᠦᠳᠦᠭᠡᠭᠳᠡᠬᠦᠨ ᠢ ᠤᠷᠤᠭᠤᠯᠬᠤ | ᠦᠭᠡᠢ ᠭᠡᠵᠤ ᠳᠤᠭᠳᠠᠭᠰᠠᠨ︾ ᠬᠡᠵᠤ ᠴᠡᠯᠮᠡᠭ ᠳ᠋ᠤᠺᠲ᠋ᠤᠷ ᠲᠠᠨᠢᠯᠴᠠᠭᠤᠯᠤᠯ᠎ᠠ᠃ | ᠳᠡᠳᠡ ᠮᠤᠩᠭᠤᠯᠴᠤᠳ ᠬᠠᠬᠢᠷ ᠡᠪᠤᠯ ᠤᠨ ᠬᠦᠢᠳᠡᠨ ᠳᠤ ᠭᠠᠷ ᠨᠢᠭᠤᠷ ᠲᠠᠭᠠᠨ ᠬᠤᠨᠢᠨ ᠰᠡᠬᠦᠯ ᠤᠨ ᠦᠭᠡᠬᠦ | ᠳᠦᠷᠬᠢᠵᠤ ᠬᠦᠯᠳᠡᠵᠤ ᠬᠠᠭᠠᠷᠠᠬᠤ ᠠᠴᠠ ᠰᠡᠷᠬᠡᠶᠢᠯᠡᠳᠡᠭ ᠤᠯᠠᠮᠵᠢᠯᠠᠯ ᠢ ᠮᠦᠷᠳᠡᠵᠦ᠂ ᠪᠡᠯᠴᠢᠬᠡᠷᠯᠡᠬᠦᠯᠦᠭᠰᠡᠨ | ᠬᠤᠷᠠᠭᠠᠨ ᠤ ᠰᠡᠬᠦᠯ ᠤᠨ ᠤᠬᠢ ᠰᠢᠮ᠎ᠡ ᠶᠢ ᠨᠢ ᠢᠯᠭᠠᠷᠠᠭᠤᠯᠤᠨ ᠠᠪᠴᠤ᠂ ᠤᠷᠭᠤᠮᠠᠯ ᠤᠨ ᠳᠤᠰᠤ ᠲᠠᠢ ᠨᠡᠶᠢᠯᠡᠬᠦᠯᠦᠨ | ᠂ 18 ᠲᠦᠷᠦᠯ ᠤᠨ ᠳᠡᠰ ᠳᠠᠮᠵᠢᠯᠭ᠎ᠠ ᠪᠠᠷ ᠨᠠᠷᠢᠯᠢᠭ ᠡᠳ᠋ᠰᠢᠬᠦᠯᠤᠨ᠂ 45 ᠡᠳᠤᠷ ᠳᠤᠭᠳᠠᠮᠠᠯ ᠳᠤᠯᠠᠭᠠᠨ᠂ | ᠴᠢᠬᠢᠭ ᠤᠨ ᠨᠦᠬᠦᠴᠡᠯ ᠢᠶᠠᠷ ᠡᠪᠡᠷᠡᠭᠡᠵᠤ᠂ ᠴᠤᠯ ᠪᠠᠶᠢᠭᠠᠯᠢᠯᠢᠭ ᠤᠷᠭᠠᠨᠢᠭ ᠰᠠᠪᠤᠩ ᠢ ᠦᠢᠯᠡᠳᠪᠤᠷᠢᠯᠡᠵᠤ ᠭᠠᠷᠭᠠᠳᠠᠭ | ᠪᠠᠶᠢᠨ᠎ᠠ᠃ 2016 ᠤᠨ ᠳᠤ ︽ᠦᠪᠦᠷ ᠮᠤᠩᠭᠤᠯ ᠤᠨ ᠭᠤᠶᠤᠯᠠᠯ ᠭᠤᠸ᠎ᠠ ᠰᠠᠶᠢᠬᠠᠨ ᠤ ᠪᠦᠳᠦᠭᠡᠭᠳᠡᠬᠦᠨ ᠤ | ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ︾ ᠪᠠᠨ ᠳᠠᠩᠰᠠᠯᠠᠨ ᠪᠠᠶᠢᠭᠤᠯᠵᠤ᠂ ᠤᠳᠤ ᠪᠤᠯᠬᠤ ᠳᠤ 5500 ᠮᠥ | ᠨᠤᠳᠤᠬ ᠪᠡᠯᠴᠢᠬᠡᠷ ᠳᠡᠭᠡᠷ᠎ᠡ ᠪᠠᠨ 250 ᠬᠠᠪᠳᠠᠭᠠᠢ ᠳᠦᠷᠪᠡᠯᠵᠢᠨ ᠮᠧᠳ᠋ᠷ ᠤᠨ ᠦᠢᠯᠡᠳᠪᠤᠷᠢᠯᠡᠯ ᠤᠨ ᠲᠠᠰᠤᠭ | ᠪᠠᠶᠢᠭᠤᠯᠵᠤ᠂ ᠡᠳᠤᠷ ᠲᠤ 1000 ᠭᠠᠷᠤᠢ ᠰᠠᠪᠤᠩ ᠦᠢᠯᠡᠳᠪᠤᠷᠢᠯᠡᠵᠤ ᠪᠠᠶᠢᠨ᠎ᠠ᠃ | ︽ᠬᠤᠶᠠᠷ ᠵᠢᠯ ᠢᠯᠡᠬᠦᠦ ᠶᠢᠨ ᠴᠢᠷᠮᠠᠶᠢᠯᠭ᠎ᠠ ᠪᠠᠷ ᠳᠠᠮᠵᠢᠨ ᠮᠠᠨ ᠤ ᠪᠦᠳᠦᠭᠡᠭᠳᠡᠬᠦᠨ ᠨᠡᠯᠢᠶᠡᠳ | ᠳᠤᠭᠳᠠᠪᠤᠷᠢᠵᠢᠬᠰᠡᠨ᠂ ᠴᠢᠨᠠᠷᠯᠢᠬ ᠪᠦᠳᠦᠭᠡᠭᠳᠡᠭᠦᠨ ᠪᠤᠯᠤᠬᠰᠠᠨ ᠪᠦᠭᠡᠳ ᠪᠠᠰᠠ ᠶᠠᠫᠤᠨ ᠳᠤ ᠵᠠᠬᠢᠶᠠᠯᠠᠭ᠎ᠠ ᠪᠠᠷ | ᠪᠤᠷᠤᠯᠠᠭᠤᠯᠤᠬᠳᠠᠬᠤ ᠪᠤᠯᠪᠠ᠃ ᠤᠳᠤ ᠪᠢᠳᠡ ᠪᠦᠬᠦ ᠳᠠᠯ᠎ᠠ ᠪᠠᠷ ᠵᠠᠬ᠎ᠠ ᠳᠡᠯᠭᠡᠬᠦᠷ ᠢᠶᠠᠨ ᠨᠡᠭᠡᠭᠡᠬᠦ ᠪᠠᠷ ᠳᠦᠯᠦᠪᠯᠡᠵᠤ | ᠪᠠᠶᠢᠨ᠎ᠠ᠃ 2018 ᠤᠨ ᠳᠤ ᠰᠠᠪᠤᠩ ᠤᠨ ᠢᠶᠠᠨ ᠳᠦᠷᠦᠯ ᠵᠦᠢᠯ ᠢ ᠤᠯᠠᠨ ᠪᠤᠯᠭᠠᠵᠤ᠂ 8 — 10 | ᠳᠦᠷᠦᠯ ᠤᠨ ᠰᠠᠪᠤᠩ ᠭᠠᠷᠭᠠᠨ᠎ᠠ᠃ ᠵᠢᠱᠢᠶᠡᠯᠡᠪᠡᠯ᠂ ᠳᠡᠮᠡᠭᠡᠨ ᠪᠦᠬᠦ ᠶᠢᠨ ᠰᠠᠪᠤᠩ᠂ ᠢᠡᠭᠬᠢᠨ ᠰᠦ ᠶᠢᠨ ᠰᠠᠪᠤᠩ᠂ | ᠡᠬᠡ ᠨᠢᠯᠬᠠᠰ ᠤᠨ ᠰᠠᠪᠤᠩ ᠢ ᠦᠢᠯᠡᠳᠪᠤᠷᠢᠯᠡᠬᠦ ᠪᠠᠷ ᠳᠦᠯᠦᠪᠯᠡᠵᠤ ᠪᠠᠶᠢᠨ᠎ᠠ᠃ ᠤᠲᠤᠬᠠᠨ ᠳᠤ ᠵᠠᠷᠢᠮ ᠬᠤᠷᠰᠢᠶᠠᠵᠢᠯ | ᠦᠪᠡᠷ ᠤᠨ ᠪᠠᠶᠢᠭᠠᠯᠢᠯᠢᠭ ᠪᠦᠲᠦᠭᠡᠭᠲᠡᠬᠦᠨ ᠢᠶᠠᠨ ᠨᠠᠷᠢᠯᠢᠭ ᠡᠳ᠋ᠰᠢᠬᠦᠯᠬᠦ ᠲᠤᠮᠲᠠ ᠬᠤᠨᠢᠨ ᠰᠡᠬᠦᠯ ᠢᠶᠠᠨ ᠬᠤᠲᠠᠯᠲᠤᠵᠤ | ᠲᠡᠶᠢᠯᠬᠦ ᠦᠬᠡᠢ ᠠᠰᠠᠭᠤᠲᠠᠯ ᠲᠤᠯᠭᠠᠷᠠᠵᠤ ᠪᠠᠶᠢᠨ᠎ᠠ᠃ ᠡᠨᠡᠬᠦ ᠪᠠᠶᠢᠲᠠᠯ ᠳᠤ ᠴᠢᠭᠯᠡᠬᠦᠯᠦᠨ ᠪᠢᠳᠡ ᠮᠠᠯᠴᠢᠳ ᠤᠨ | ᠬᠤᠷᠰᠢᠶᠠᠵᠢᠯ ᠢᠶᠠᠷ ᠲᠡᠮᠵᠢᠨ ᠬᠤᠨᠢᠨ ᠰᠡᠬᠦᠯ ᠬᠤᠲᠠᠯᠳᠤᠨ ᠠᠪᠴᠦ᠂ ᠲᠦᠬᠦᠬᠡᠢ ᠮᠠᠲ᠋ᠧᠷᠢᠶᠠᠯ ᠤᠨ ᠢᠶᠠᠨ ᠴᠢᠨᠠᠷ ᠢ | ᠪᠠᠳᠤᠯᠠᠬᠤ ᠪᠠᠷ ᠪᠠᠷᠠᠬᠤ ᠦᠬᠡᠢ ᠮᠠᠯᠴᠢᠳ ᠤᠨ ᠬᠤᠷᠰᠢᠶᠠᠵᠢᠯ ᠤᠨ ᠬᠦᠴᠢᠷᠳᠡᠯ ᠢ ᠰᠢᠢᠳᠪᠦᠷᠢᠯᠡᠬᠦ ᠪᠠᠷ ᠵᠤᠷᠢᠵᠦ | ᠪᠠᠶᠢᠨ᠎ᠠ︾ ᠬᠡᠵᠤ ᠪᠦᠷᠢᠨ ᠪᠤᠲᠤᠯ ᠢᠶᠠᠨ ᠶᠠᠷᠢᠯ᠎ᠠ᠃ | |