ᠳᠠᠶᠢᠹᠤᠰᠧ ᠬᠤᠰᠢᠭᠤᠨ ᠤ ᠬᠤᠳᠠ ᠬᠦᠳᠡᠭᠡ ᠶᠢᠨ ᠦᠩᠬᠡ ᠲᠦᠷᠬᠦ ᠰᠢᠨᠡᠳᠦᠨ ᠬᠤᠪᠢᠷᠠᠪᠠ
ᠨᠡᠶᠢᠲᠡᠯᠡᠭᠰᠡᠨ ᠴᠠᠭ᠄
2018/1/25
    ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠦᠩᠬᠡ ᠲᠦᠷᠬᠦ ᠶᠢ ᠬᠤᠪᠢᠷᠠᠭᠤᠯᠵᠤ ᠂ ᠬᠤᠳᠠ ᠬᠦᠳᠡᠭᠡ ᠶᠢ ᠬᠠᠮᠲᠤ ᠳᠤᠨᠢ ᠬᠦᠭᠵᠢᠬᠦᠯᠵᠤ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ ᠮᠡᠳᠡᠭᠳᠡᠮ᠎ᠡ ᠰᠠᠶᠢᠵᠢᠷᠠᠭᠤᠯᠤᠭᠰᠠᠨ ᠪᠠᠶᠢᠨ᠎ᠠ᠃         ᠲᠤᠰ ᠬᠤᠰᠢᠭᠤ ᠨᠢ ᠪᠤᠤᠴᠠᠩ ᠪᠠᠯᠭᠠᠰᠤᠨ ᠤ ᠰᠢᠨ᠎ᠡ ᠬᠠᠭᠤᠴᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ 8 ᠲᠦᠷᠦᠯ ᠤᠨ ᠲᠦᠯᠦᠪᠵᠢᠬᠦᠯᠬᠡ ᠶᠢ ᠦᠨᠳᠦᠷ ᠪᠠᠷᠢᠮᠵᠢᠶ᠎ᠠ ᠪᠠᠷ ᠨᠠᠶᠢᠷᠠᠭᠤᠯᠤᠨ ᠲᠤᠭᠳᠠᠭᠠᠵᠦ᠂ ᠲᠠᠪᠤᠨ ᠵᠢᠯ ᠳᠤ ᠨᠡᠶᠢᠳᠡ 10.5 ᠳ᠋ᠦᠩᠰᠢᠭᠤᠷ ᠲᠦᠬᠦᠷᠢᠭ ᠤᠨ ᠪᠡᠯᠡ ᠵᠠᠷᠤᠴᠠᠭᠤᠯᠵᠦ᠂ ᠰᠢᠨ᠎ᠡ ᠪᠠᠷ ᠪᠠᠶᠢᠭᠤᠯᠬᠤ ᠪᠤᠶᠤ ᠵᠠᠰᠠᠵᠤ ᠪᠠᠶᠢᠭᠤᠯᠤᠭᠰᠠᠨ ᠵᠠᠮ ᠤᠨ ᠲᠠᠯᠠᠪᠠᠢ ᠨᠢ ᠪᠦᠬᠦ ᠵᠡᠬᠡᠯᠢ ᠭᠤᠳᠤᠮᠵᠢ ᠶᠢᠨ ᠲᠠᠯᠠᠪᠠᠢ ᠶᠢᠨ 30 % ᠢᠯᠡᠬᠦᠦ ᠶᠢ ᠡᠵᠡᠯᠡᠨ᠂ ᠲᠦᠭᠡᠭᠡᠯ ᠤᠰᠤ᠂ ᠪᠤᠵᠠᠷ ᠤᠰᠤ᠂ ᠪᠤᠷᠤᠭᠠᠨ ᠤ ᠤᠰᠤ ᠪᠠ ᠲᠤᠯᠠᠭᠠᠯᠠᠭ᠎ᠠ ᠶᠢᠨ ᠲᠤᠤᠷ ᠬᠤᠭᠤᠯᠠᠢ ᠵᠡᠷᠭᠡ ᠶᠢ 100 ᠭᠠᠷᠤᠢ  ᠺᠢᠯᠦᠮᠧᠲᠷ ᠤᠭᠰᠠᠷᠠᠭᠰᠠᠨ ᠤ ᠬᠠᠮᠳᠤ ᠬᠤᠳᠠ ᠪᠠᠯᠭᠠᠰᠤᠨ ᠤ ᠭᠡᠰᠡᠭ ᠵᠡᠭᠡᠯᠢ ᠭᠤᠳᠤᠮᠵᠢ᠂ ᠠᠭᠤᠳᠠᠮ ᠲᠠᠯᠠᠪᠠᠢ᠂ ᠪᠠᠶᠢᠭᠤᠯᠭ᠎ᠠ ᠨᠢᠬᠡᠴᠡ ᠶᠢᠨ ᠬᠦᠷᠢᠶ᠎ᠡ ᠬᠠᠰᠢᠶ᠎ᠠ ᠳᠤ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ ᠬᠢᠵᠦ᠂ ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠲᠠᠯᠠᠪᠠᠢ 3 ᠲᠦᠮᠡᠨ ᠬᠠᠪᠳᠠᠭᠠᠢ ᠲᠦᠷᠪᠡᠯᠵᠢᠨ  ᠮᠧᠲᠷ᠂ ᠬᠠᠳᠠᠭᠤᠷᠠᠭᠤᠯᠤᠯᠳᠠ ᠶᠢᠨ ᠲᠠᠯᠠᠪᠠᠢ 16 ᠲᠦᠮᠡᠨ ᠬᠠᠪᠳᠠᠭᠠᠢ ᠲᠦᠷᠪᠡᠯᠵᠢᠨ  ᠮᠧᠲᠷ ᠲᠤ ᠬᠦᠷᠴᠦ᠂ ᠵᠡᠬᠡᠯᠢ ᠭᠤᠳᠤᠮᠵᠢ ᠶᠢᠨ ᠭᠡᠷᠡᠯᠳᠦᠬᠦᠯᠬᠡ ᠶᠢᠨ ᠨᠤᠷᠮ᠎ᠠ 94 %᠎ ᠠᠴᠠ ᠲᠡᠭᠡᠭᠰᠢ ᠪᠤᠯᠪᠠ᠃ ︽ᠶᠠᠩ ᠭᠤᠸᠠᠩ︾ ᠨᠡᠬᠦᠯᠭᠡᠭᠰᠡᠨ ᠠᠷᠠᠳ ᠢ ᠲᠦᠪᠬᠢᠨᠡᠬᠦᠯᠬᠦ ᠰᠠᠭᠤᠭᠠᠯᠢ ᠠᠷᠠᠳ ᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠡᠬᠢᠯᠠᠭᠦᠯᠦᠭᠰᠡᠨ ᠪᠦᠭᠡᠳ 14 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠰᠢᠨᠡᠳᠭᠡᠵᠦ ᠲᠡᠰ ᠲᠡᠪᠰᠢᠬᠦᠯᠦᠨ᠂ 2.8 ᠲᠦᠮᠡᠨ ᠬᠦᠮᠦᠨ ᠳᠤ ᠠᠰᠢᠭ ᠬᠦᠷᠳᠡᠭᠡᠵᠦ᠂ ᠬᠤᠳᠠ ᠶᠢᠨ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠲᠤᠰᠬᠠᠢ ᠠᠵᠤ ᠠᠬᠤᠶᠢᠯᠠᠯ ᠳᠤ ᠲᠤᠰᠢᠶᠠᠨ ᠬᠠᠷᠢᠭᠤᠴᠠᠭᠤᠯᠵᠤ᠂ ᠬᠤᠲᠠ ᠶᠢᠨ ᠲᠤᠭᠤᠷᠢᠭ ᠤᠨ ᠤᠷᠴᠢᠨ ᠲᠤᠭᠤᠷᠢᠨ ᠤ ᠪᠠᠶᠢᠳᠠᠯ ᠢ ᠰᠠᠶᠢᠵᠢᠷᠠᠭᠤᠯᠪᠠ᠃         ᠲᠤᠰ ᠬᠤᠰᠢᠭᠤ ᠤᠷᠢᠳ ᠬᠤᠵᠢᠳ 18.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 2.9 ᠲᠦᠮᠡᠨ ᠨᠤᠷᠠᠬᠤ ᠠᠶᠤᠯᠳᠠᠢ ᠭᠡᠷ ᠪᠠᠶᠢᠰᠢᠩ ᠢ ᠨᠤᠷᠠᠭᠠᠨ᠂ 1.3 ᠲᠦᠮᠡᠨ ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ ᠵᠠᠰᠠᠵᠦ᠂ 224 ᠲᠦᠮᠡᠨ ᠬᠠᠪᠳᠠᠭᠠᠢ ᠲᠦᠷᠪᠡᠯᠵᠢᠨ ᠮᠧᠲᠷ ᠬᠦᠷᠢᠶ᠎ᠡ ᠬᠠᠰᠢᠶ᠎ᠠ ᠶᠢ ᠵᠠᠰᠠᠵᠤ ᠪᠠᠶᠢᠭᠤᠯᠤᠨ᠂ 652  ᠺᠢᠯᠦᠮᠧᠲᠷ ᠵᠡᠬᠡᠯᠢ ᠭᠤᠳᠤᠮᠵᠢ ᠶᠢ ᠬᠠᠳᠠᠭᠤᠷᠠᠭᠤᠯᠵᠤ᠂ ᠬᠤᠭ ᠨᠤᠪᠰᠢ ᠶᠢᠨ ᠬᠠᠶᠢᠷᠴᠠᠭ 1748᠎ ᠶᠢ ᠲᠤᠬᠢᠷᠠᠭᠤᠯᠵᠤ᠂ ᠨᠡᠶᠢᠳᠡ ᠶᠢᠨ ᠵᠤᠷᠯᠤᠩ 336᠎ ᠶᠢ ᠪᠠᠶᠢᠭᠤᠯᠤᠨ᠂ 53 ᠲᠦᠮᠡᠨ ᠰᠠᠭᠤᠷᠢ ᠮᠤᠳᠤ ᠵᠠᠶᠢᠯᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠦᠩᠬᠡ ᠲᠦᠷᠬᠦ ᠶᠢ ᠲᠦᠢᠯᠪᠤᠷᠢᠲᠠᠢ ᠬᠤᠪᠢᠷᠠᠭᠤᠯᠪᠠ᠃ ᠲᠤᠰ ᠬᠤᠰᠢᠭᠤᠨ ᠤ 29 ᠭᠠᠴᠠᠭ᠎ᠠ ᠲᠤᠰᠬᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠴᠡᠭ ᠢᠶᠠᠷ ᠰᠤᠩᠭᠤᠭᠳᠠᠵᠦ᠂ ᠴᠢᠶᠠᠨ ᠶᠢᠨ ᠭᠸᠤ ᠪᠠᠯᠭᠠᠰᠤᠨ ᠤ ᠳ᠋ᠠ ᠭᠧ ᠳ᠋ᠦᠩ ᠲᠤᠰᠬᠤᠨ ᠨᠢ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠪᠤᠯᠪᠠᠰᠤᠨ ᠲᠤᠰᠬᠤᠨ ᠢᠶᠠᠷ ᠦᠨᠡᠯᠡᠭᠳᠡᠵᠡᠢ᠃         ᠪᠡᠯᠴᠢᠬᠡᠷᠯᠡᠬᠦᠯᠬᠦ ᠶᠢ ᠵᠤᠭᠰᠤᠭᠠᠵᠦ ᠨᠤᠲᠤᠭ ᠪᠡᠯᠴᠢᠬᠡᠷ ᠢ ᠰᠡᠷᠬᠦᠬᠡᠬᠦ ᠲᠦᠷᠢᠮ ᠢ ᠴᠢᠩᠭ᠎ᠠ ᠭᠡᠷᠡᠭᠵᠢᠬᠦᠯᠵᠦ᠂ ᠨᠤᠳᠤᠭ ᠪᠡᠯᠴᠢᠬᠡᠷ ᠤᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠦᠮᠴᠢᠯᠡᠯ ᠤᠨ ᠡᠷᠭᠡ ᠶᠢ ᠲᠤᠳᠤᠯᠠᠬᠤ᠂ ᠲᠠᠷᠢᠶᠠᠯᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠢᠯᠭᠠᠨ ᠲᠤᠭᠳᠠᠭᠠᠬᠤ ᠠᠵᠢᠯ ᠦᠨᠳᠦᠰᠦᠨ ᠳᠡᠭᠡᠨ ᠪᠡᠶᠡᠯᠡᠭᠳᠡᠪᠡ᠃ ᠭᠤᠷᠪᠠᠨ ᠵᠢᠯ ᠤᠨ ᠲᠤᠷᠰᠢ᠂ ᠲᠠᠷᠢᠶᠠᠯᠠᠬᠤ ᠤᠷᠤᠨ ᠤ 130.8 ᠲᠦᠮᠡᠨ ᠮᠤ᠋ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠲᠤᠳᠤᠯᠠᠵᠤ᠂ 16.6 ᠲᠦᠮᠡᠨ ᠲᠠᠷᠢᠶᠠᠴᠢᠨ ᠤ ᠡᠷᠭᠡ ᠠᠰᠢᠭ ᠢ ᠪᠠᠲᠤᠯᠠᠪᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠵᠤᠬᠢᠶᠠᠨ ᠪᠠᠶᠢᠭᠤᠯᠵᠤ ᠬᠡᠷᠡᠭᠵᠢᠬᠦᠯᠬᠦ ᠪᠠᠷ ᠳᠠᠮᠵᠢᠨ 46.12 ᠲᠦᠮᠡᠨ ᠮᠤ᠋ ᠤᠢ ᠰᠢᠭᠤᠢ ᠶᠢᠨ ᠶᠡᠷᠦᠩᠬᠡᠶᠢᠯᠡᠭᠰᠡᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠵᠦ᠂ ᠤᠢ ᠮᠤᠳᠤᠨ ᠤ ᠪᠦᠷᠬᠦᠴᠡ ᠶᠢ 20. 3 %᠎ ᠳᠤ ᠬᠦᠷᠭᠡᠪᠡ᠃         ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠵᠦᠪᠰᠢᠶᠡᠷᠡᠬᠦ ᠪᠤᠭᠤᠮᠳᠠ ᠶᠢ ᠴᠢᠩᠭ᠎ᠠ ᠰᠠᠬᠢᠵᠤ᠂ ᠮᠡᠷᠭᠡᠵᠢᠯ ᠬᠤᠴᠤᠷᠤᠩᠭᠤᠢ ᠦᠢᠯᠡᠳᠪᠦᠷᠢ ᠠᠭᠤᠷᠬᠠᠢ ᠶᠢ ᠴᠡᠭᠴᠡᠯᠡᠵᠦ᠂ ᠡᠯ᠎ᠠ ᠦᠢᠯᠡᠳᠪᠦᠷᠢ ᠠᠭᠤᠷᠬᠠᠢ ᠶᠢ ᠤᠯᠤᠰ ᠤᠨ ᠪᠠᠷᠢᠮᠵᠢᠶ᠎ᠠ ᠪᠠᠷ ᠪᠤᠬᠢᠷᠳᠤᠯ ᠭᠠᠳᠠᠭᠰᠢᠯᠠᠭᠤᠯᠬᠤ ᠪᠤᠯᠭᠠᠵᠠᠢ᠃ ᠠᠶᠤᠯᠬᠦᠢ ᠤᠰᠤ ᠤᠮᠳᠠ ᠶᠢᠨ ᠲᠦᠷᠦᠯ ᠵᠦᠢᠯ 70᠎ ᠶᠢ ᠭᠡᠷᠡᠭᠵᠢᠬᠦᠯᠵᠦ᠂ 1.97 ᠲᠦᠮᠡᠨ ᠬᠦᠮᠦᠨ᠂ 10.7 ᠲᠦᠮᠡᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠭᠰᠡᠨ ᠪᠦᠬᠡᠳ 20  ᠺᠢᠯᠦᠮᠧᠲᠷ ᠭᠤᠤᠯ ᠤᠨ ᠬᠦᠨᠳᠡᠢ ᠶᠢ ᠵᠠᠰᠠᠵᠤ᠂ 4 ᠰᠠᠭᠤᠷᠢ ᠤᠰᠤᠨ ᠴᠦᠬᠦᠷᠦᠮ ᠢ ᠪᠠᠬᠢᠯᠡᠨ ᠵᠠᠰᠠᠵᠠᠢ᠃         ᠵᠠᠮ ᠬᠠᠷᠢᠯᠴᠠᠭᠠᠨ ᠤ ᠲᠦᠬᠦᠭᠡᠷᠦᠮᠵᠢ ᠡᠳᠦᠷ ᠠᠴᠠ ᠡᠳᠦᠷ ᠲᠡᠬᠦᠯᠳᠡᠷᠵᠢᠵᠦ᠂ ᠵᠠᠰᠠᠮᠠᠯ ᠵᠠᠮ ᠤᠨ ᠶᠡᠷᠦᠩᠬᠡᠢ ᠤᠷᠳᠤ 1384  ᠺᠢᠯᠤᠮᠧᠲᠷ ᠲᠤ ᠬᠦᠷᠴᠦ᠂ ᠰᠢᠯᠢ ᠶᠢᠨ ᠬᠤᠲᠠ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠭᠡᠨ ᠤ ᠵᠠᠮ᠂ 222 ᠱᠤᠭᠤᠮ ᠤᠨ ᠪᠤᠤᠴᠠᠩ ᠠᠴᠠ ᠬᠦᠶᠤᠸᠠᠨ ᠬᠦᠷᠬᠦ ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠳᠡᠷᠡᠵᠦ᠂ 608  ᠺᠢᠯᠦᠮᠧᠲᠷ ᠭᠠᠴᠠᠭ᠎ᠠ ᠲᠤᠰᠬᠤᠨ ᠳᠤ ᠨᠡᠪᠳᠡᠷᠡᠬᠦ ᠵᠠᠰᠠᠮᠠᠯ ᠵᠠᠮ ᠢ ᠪᠠᠶᠢᠭᠤᠯᠵᠤ᠂ ᠭᠠᠴᠠᠭ᠎ᠠ ᠲᠤᠰᠬᠤᠨ ᠳᠤ ᠵᠠᠰᠠᠮᠠᠯ ᠵᠠᠮ ᠨᠡᠪᠳᠡᠷᠡᠬᠦ ᠨᠤᠷᠮ᠎ᠠ 100 %᠎ ᠳᠤ ᠬᠦᠷᠴᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号