ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢᠨ | ᠡᠷᠴᠢᠮ ᠢ ᠦᠷᠬᠦᠯᠵᠢᠯᠡᠨ ᠴᠢᠩᠭᠠᠷᠠᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠦᠩᠬᠡ ᠲᠦᠷᠬᠦ ᠶᠢ ᠬᠤᠪᠢᠷᠠᠭᠤᠯᠵᠤ | ᠂ ᠬᠤᠳᠠ ᠬᠦᠳᠡᠭᠡ ᠶᠢ ᠬᠠᠮᠲᠤ ᠳᠤᠨᠢ ᠬᠦᠭᠵᠢᠬᠦᠯᠵᠤ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠤᠷᠴᠢᠨ ᠲᠤᠭᠤᠷᠢᠨ ᠢ ᠮᠡᠳᠡᠭᠳᠡᠮ᠎ᠡ ᠰᠠᠶᠢᠵᠢᠷᠠᠭᠤᠯᠤᠭᠰᠠᠨ ᠪᠠᠶᠢᠨ᠎ᠠ᠃ | ᠲᠤᠰ ᠬᠤᠰᠢᠭᠤ ᠨᠢ ᠪᠤᠤᠴᠠᠩ ᠪᠠᠯᠭᠠᠰᠤᠨ ᠤ ᠰᠢᠨ᠎ᠡ ᠬᠠᠭᠤᠴᠢᠨ ᠲᠤᠭᠤᠷᠢᠭ ᠤᠨ ᠪᠦᠳᠦᠬᠡᠨ | ᠪᠠᠶᠢᠭᠤᠯᠤᠯᠳᠠ ᠶᠢᠨ 8 ᠲᠦᠷᠦᠯ ᠤᠨ ᠲᠦᠯᠦᠪᠵᠢᠬᠦᠯᠬᠡ ᠶᠢ ᠦᠨᠳᠦᠷ ᠪᠠᠷᠢᠮᠵᠢᠶ᠎ᠠ ᠪᠠᠷ ᠨᠠᠶᠢᠷᠠᠭᠤᠯᠤᠨ ᠲᠤᠭᠳᠠᠭᠠᠵᠦ᠂ | ᠲᠠᠪᠤᠨ ᠵᠢᠯ ᠳᠤ ᠨᠡᠶᠢᠳᠡ 10.5 ᠳ᠋ᠦᠩᠰᠢᠭᠤᠷ ᠲᠦᠬᠦᠷᠢᠭ ᠤᠨ ᠪᠡᠯᠡ ᠵᠠᠷᠤᠴᠠᠭᠤᠯᠵᠦ᠂ ᠰᠢᠨ᠎ᠡ ᠪᠠᠷ ᠪᠠᠶᠢᠭᠤᠯᠬᠤ | ᠪᠤᠶᠤ ᠵᠠᠰᠠᠵᠤ ᠪᠠᠶᠢᠭᠤᠯᠤᠭᠰᠠᠨ ᠵᠠᠮ ᠤᠨ ᠲᠠᠯᠠᠪᠠᠢ ᠨᠢ ᠪᠦᠬᠦ ᠵᠡᠬᠡᠯᠢ ᠭᠤᠳᠤᠮᠵᠢ ᠶᠢᠨ ᠲᠠᠯᠠᠪᠠᠢ ᠶᠢᠨ 30 % | ᠢᠯᠡᠬᠦᠦ ᠶᠢ ᠡᠵᠡᠯᠡᠨ᠂ ᠲᠦᠭᠡᠭᠡᠯ ᠤᠰᠤ᠂ ᠪᠤᠵᠠᠷ ᠤᠰᠤ᠂ ᠪᠤᠷᠤᠭᠠᠨ ᠤ ᠤᠰᠤ ᠪᠠ ᠲᠤᠯᠠᠭᠠᠯᠠᠭ᠎ᠠ ᠶᠢᠨ ᠲᠤᠤᠷ | ᠬᠤᠭᠤᠯᠠᠢ ᠵᠡᠷᠭᠡ ᠶᠢ 100 ᠭᠠᠷᠤᠢ ᠺᠢᠯᠦᠮᠧᠲᠷ ᠤᠭᠰᠠᠷᠠᠭᠰᠠᠨ ᠤ ᠬᠠᠮᠳᠤ ᠬᠤᠳᠠ ᠪᠠᠯᠭᠠᠰᠤᠨ ᠤ ᠭᠡᠰᠡᠭ ᠵᠡᠭᠡᠯᠢ | ᠭᠤᠳᠤᠮᠵᠢ᠂ ᠠᠭᠤᠳᠠᠮ ᠲᠠᠯᠠᠪᠠᠢ᠂ ᠪᠠᠶᠢᠭᠤᠯᠭ᠎ᠠ ᠨᠢᠬᠡᠴᠡ ᠶᠢᠨ ᠬᠦᠷᠢᠶ᠎ᠡ ᠬᠠᠰᠢᠶ᠎ᠠ ᠳᠤ ᠨᠤᠭᠤᠭᠠᠷᠠᠭᠤᠯᠤᠯᠳᠠ᠂ | ᠬᠠᠳᠠᠭᠤᠷᠠᠭᠤᠯᠤᠯᠳᠠ ᠬᠢᠵᠦ᠂ ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠲᠠᠯᠠᠪᠠᠢ 3 ᠲᠦᠮᠡᠨ ᠬᠠᠪᠳᠠᠭᠠᠢ | ᠲᠦᠷᠪᠡᠯᠵᠢᠨ ᠮᠧᠲᠷ᠂ ᠬᠠᠳᠠᠭᠤᠷᠠᠭᠤᠯᠤᠯᠳᠠ ᠶᠢᠨ ᠲᠠᠯᠠᠪᠠᠢ 16 ᠲᠦᠮᠡᠨ ᠬᠠᠪᠳᠠᠭᠠᠢ ᠲᠦᠷᠪᠡᠯᠵᠢᠨ ᠮᠧᠲᠷ ᠲᠤ | ᠬᠦᠷᠴᠦ᠂ ᠵᠡᠬᠡᠯᠢ ᠭᠤᠳᠤᠮᠵᠢ ᠶᠢᠨ ᠭᠡᠷᠡᠯᠳᠦᠬᠦᠯᠬᠡ ᠶᠢᠨ ᠨᠤᠷᠮ᠎ᠠ 94 % ᠠᠴᠠ ᠲᠡᠭᠡᠭᠰᠢ ᠪᠤᠯᠪᠠ᠃ ︽ᠶᠠᠩ | ᠭᠤᠸᠠᠩ︾ ᠨᠡᠬᠦᠯᠭᠡᠭᠰᠡᠨ ᠠᠷᠠᠳ ᠢ ᠲᠦᠪᠬᠢᠨᠡᠬᠦᠯᠬᠦ ᠰᠠᠭᠤᠭᠠᠯᠢ ᠠᠷᠠᠳ ᠤᠨ ᠲᠤᠭᠤᠷᠢᠭ ᠤᠨ ᠪᠦᠳᠦᠭᠡᠨ | ᠪᠠᠶᠢᠭᠤᠯᠤᠯᠳᠠ ᠶᠢ ᠡᠬᠢᠯᠠᠭᠦᠯᠦᠭᠰᠡᠨ ᠪᠦᠭᠡᠳ 14 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠰᠢᠨᠡᠳᠭᠡᠵᠦ | ᠲᠡᠰ ᠲᠡᠪᠰᠢᠬᠦᠯᠦᠨ᠂ 2.8 ᠲᠦᠮᠡᠨ ᠬᠦᠮᠦᠨ ᠳᠤ ᠠᠰᠢᠭ ᠬᠦᠷᠳᠡᠭᠡᠵᠦ᠂ ᠬᠤᠳᠠ ᠶᠢᠨ ᠲᠤᠭᠤᠷᠢᠭ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢ ᠲᠤᠰᠬᠠᠢ ᠠᠵᠤ ᠠᠬᠤᠶᠢᠯᠠᠯ ᠳᠤ ᠲᠤᠰᠢᠶᠠᠨ ᠬᠠᠷᠢᠭᠤᠴᠠᠭᠤᠯᠵᠤ᠂ ᠬᠤᠲᠠ ᠶᠢᠨ | ᠲᠤᠭᠤᠷᠢᠭ ᠤᠨ ᠤᠷᠴᠢᠨ ᠲᠤᠭᠤᠷᠢᠨ ᠤ ᠪᠠᠶᠢᠳᠠᠯ ᠢ ᠰᠠᠶᠢᠵᠢᠷᠠᠭᠤᠯᠪᠠ᠃ | ᠲᠤᠰ ᠬᠤᠰᠢᠭᠤ ᠤᠷᠢᠳ ᠬᠤᠵᠢᠳ 18.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 2.9 | ᠲᠦᠮᠡᠨ ᠨᠤᠷᠠᠬᠤ ᠠᠶᠤᠯᠳᠠᠢ ᠭᠡᠷ ᠪᠠᠶᠢᠰᠢᠩ ᠢ ᠨᠤᠷᠠᠭᠠᠨ᠂ 1.3 ᠲᠦᠮᠡᠨ ᠡᠷᠦᠬᠡ ᠶᠢᠨ ᠨᠤᠷᠠᠬᠤ ᠠᠶᠤᠯᠳᠠᠢ ᠭᠡᠷ | ᠪᠠᠶᠢᠰᠢᠩ ᠢ ᠰᠢᠨᠡᠳᠭᠡᠨ ᠵᠠᠰᠠᠵᠦ᠂ 224 ᠲᠦᠮᠡᠨ ᠬᠠᠪᠳᠠᠭᠠᠢ ᠲᠦᠷᠪᠡᠯᠵᠢᠨ ᠮᠧᠲᠷ ᠬᠦᠷᠢᠶ᠎ᠡ ᠬᠠᠰᠢᠶ᠎ᠠ ᠶᠢ ᠵᠠᠰᠠᠵᠤ | ᠪᠠᠶᠢᠭᠤᠯᠤᠨ᠂ 652 ᠺᠢᠯᠦᠮᠧᠲᠷ ᠵᠡᠬᠡᠯᠢ ᠭᠤᠳᠤᠮᠵᠢ ᠶᠢ ᠬᠠᠳᠠᠭᠤᠷᠠᠭᠤᠯᠵᠤ᠂ ᠬᠤᠭ ᠨᠤᠪᠰᠢ ᠶᠢᠨ ᠬᠠᠶᠢᠷᠴᠠᠭ | 1748 ᠶᠢ ᠲᠤᠬᠢᠷᠠᠭᠤᠯᠵᠤ᠂ ᠨᠡᠶᠢᠳᠡ ᠶᠢᠨ ᠵᠤᠷᠯᠤᠩ 336 ᠶᠢ ᠪᠠᠶᠢᠭᠤᠯᠤᠨ᠂ 53 ᠲᠦᠮᠡᠨ ᠰᠠᠭᠤᠷᠢ ᠮᠤᠳᠤ | ᠵᠠᠶᠢᠯᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠦᠩᠬᠡ ᠲᠦᠷᠬᠦ ᠶᠢ ᠲᠦᠢᠯᠪᠤᠷᠢᠲᠠᠢ | ᠬᠤᠪᠢᠷᠠᠭᠤᠯᠪᠠ᠃ ᠲᠤᠰ ᠬᠤᠰᠢᠭᠤᠨ ᠤ 29 ᠭᠠᠴᠠᠭ᠎ᠠ ᠲᠤᠰᠬᠤᠨ ᠦᠪᠡᠷᠳᠡᠭᠡᠨ ᠵᠠᠰᠠᠬᠤ ᠤᠷᠤᠨ ᠤ ᠰᠢᠨ᠎ᠡ | ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠴᠡᠭ ᠢᠶᠠᠷ ᠰᠤᠩᠭᠤᠭᠳᠠᠵᠦ᠂ | ᠴᠢᠶᠠᠨ ᠶᠢᠨ ᠭᠸᠤ ᠪᠠᠯᠭᠠᠰᠤᠨ ᠤ ᠳ᠋ᠠ ᠭᠧ ᠳ᠋ᠦᠩ ᠲᠤᠰᠬᠤᠨ ᠨᠢ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ | ᠪᠤᠯᠪᠠᠰᠤᠨ ᠲᠤᠰᠬᠤᠨ ᠢᠶᠠᠷ ᠦᠨᠡᠯᠡᠭᠳᠡᠵᠡᠢ᠃ | ᠪᠡᠯᠴᠢᠬᠡᠷᠯᠡᠬᠦᠯᠬᠦ ᠶᠢ ᠵᠤᠭᠰᠤᠭᠠᠵᠦ ᠨᠤᠲᠤᠭ ᠪᠡᠯᠴᠢᠬᠡᠷ ᠢ ᠰᠡᠷᠬᠦᠬᠡᠬᠦ ᠲᠦᠷᠢᠮ ᠢ ᠴᠢᠩᠭ᠎ᠠ ᠭᠡᠷᠡᠭᠵᠢᠬᠦᠯᠵᠦ᠂ | ᠨᠤᠳᠤᠭ ᠪᠡᠯᠴᠢᠬᠡᠷ ᠤᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ | ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠦᠮᠴᠢᠯᠡᠯ ᠤᠨ ᠡᠷᠭᠡ ᠶᠢ ᠲᠤᠳᠤᠯᠠᠬᠤ᠂ ᠲᠠᠷᠢᠶᠠᠯᠠᠬᠤ ᠤᠷᠤᠨ ᠤ | ᠦᠨᠳᠦᠰᠦᠨ ᠨᠤᠳᠤᠭ ᠪᠡᠯᠴᠢᠭᠡᠷ ᠢ ᠢᠯᠭᠠᠨ ᠲᠤᠭᠳᠠᠭᠠᠬᠤ ᠠᠵᠢᠯ ᠦᠨᠳᠦᠰᠦᠨ ᠳᠡᠭᠡᠨ ᠪᠡᠶᠡᠯᠡᠭᠳᠡᠪᠡ᠃ ᠭᠤᠷᠪᠠᠨ | ᠵᠢᠯ ᠤᠨ ᠲᠤᠷᠰᠢ᠂ ᠲᠠᠷᠢᠶᠠᠯᠠᠬᠤ ᠤᠷᠤᠨ ᠤ 130.8 ᠲᠦᠮᠡᠨ ᠮᠤ᠋ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ | ᠲᠤᠳᠤᠯᠠᠵᠤ᠂ 16.6 ᠲᠦᠮᠡᠨ ᠲᠠᠷᠢᠶᠠᠴᠢᠨ ᠤ ᠡᠷᠭᠡ ᠠᠰᠢᠭ ᠢ ᠪᠠᠲᠤᠯᠠᠪᠠ᠃ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢᠨ ᠢᠨᠵᠧᠨᠧᠷᠢᠩ ᠢ ᠵᠤᠬᠢᠶᠠᠨ ᠪᠠᠶᠢᠭᠤᠯᠵᠤ ᠬᠡᠷᠡᠭᠵᠢᠬᠦᠯᠬᠦ ᠪᠠᠷ ᠳᠠᠮᠵᠢᠨ 46.12 ᠲᠦᠮᠡᠨ ᠮᠤ᠋ ᠤᠢ | ᠰᠢᠭᠤᠢ ᠶᠢᠨ ᠶᠡᠷᠦᠩᠬᠡᠶᠢᠯᠡᠭᠰᠡᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠵᠦ᠂ ᠤᠢ ᠮᠤᠳᠤᠨ ᠤ ᠪᠦᠷᠬᠦᠴᠡ ᠶᠢ 20. | 3 % ᠳᠤ ᠬᠦᠷᠭᠡᠪᠡ᠃ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠵᠦᠪᠰᠢᠶᠡᠷᠡᠬᠦ ᠪᠤᠭᠤᠮᠳᠠ ᠶᠢ ᠴᠢᠩᠭ᠎ᠠ ᠰᠠᠬᠢᠵᠤ᠂ ᠮᠡᠷᠭᠡᠵᠢᠯ | ᠬᠤᠴᠤᠷᠤᠩᠭᠤᠢ ᠦᠢᠯᠡᠳᠪᠦᠷᠢ ᠠᠭᠤᠷᠬᠠᠢ ᠶᠢ ᠴᠡᠭᠴᠡᠯᠡᠵᠦ᠂ ᠡᠯ᠎ᠠ ᠦᠢᠯᠡᠳᠪᠦᠷᠢ ᠠᠭᠤᠷᠬᠠᠢ ᠶᠢ ᠤᠯᠤᠰ ᠤᠨ | ᠪᠠᠷᠢᠮᠵᠢᠶ᠎ᠠ ᠪᠠᠷ ᠪᠤᠬᠢᠷᠳᠤᠯ ᠭᠠᠳᠠᠭᠰᠢᠯᠠᠭᠤᠯᠬᠤ ᠪᠤᠯᠭᠠᠵᠠᠢ᠃ ᠠᠶᠤᠯᠬᠦᠢ ᠤᠰᠤ ᠤᠮᠳᠠ ᠶᠢᠨ ᠲᠦᠷᠦᠯ ᠵᠦᠢᠯ | 70 ᠶᠢ ᠭᠡᠷᠡᠭᠵᠢᠬᠦᠯᠵᠦ᠂ 1.97 ᠲᠦᠮᠡᠨ ᠬᠦᠮᠦᠨ᠂ 10.7 ᠲᠦᠮᠡᠨ ᠮᠠᠯ ᠤᠨ ᠤᠰᠤ ᠤᠮᠳᠠ ᠶᠢᠨ ᠠᠰᠠᠭᠤᠳᠠᠯ ᠢ | ᠰᠢᠢᠳᠪᠦᠷᠢᠯᠡᠭᠰᠡᠨ ᠪᠦᠬᠡᠳ 20 ᠺᠢᠯᠦᠮᠧᠲᠷ ᠭᠤᠤᠯ ᠤᠨ ᠬᠦᠨᠳᠡᠢ ᠶᠢ ᠵᠠᠰᠠᠵᠤ᠂ 4 ᠰᠠᠭᠤᠷᠢ ᠤᠰᠤᠨ | ᠴᠦᠬᠦᠷᠦᠮ ᠢ ᠪᠠᠬᠢᠯᠡᠨ ᠵᠠᠰᠠᠵᠠᠢ᠃ | ᠵᠠᠮ ᠬᠠᠷᠢᠯᠴᠠᠭᠠᠨ ᠤ ᠲᠦᠬᠦᠭᠡᠷᠦᠮᠵᠢ ᠡᠳᠦᠷ ᠠᠴᠠ ᠡᠳᠦᠷ ᠲᠡᠬᠦᠯᠳᠡᠷᠵᠢᠵᠦ᠂ ᠵᠠᠰᠠᠮᠠᠯ ᠵᠠᠮ ᠤᠨ ᠶᠡᠷᠦᠩᠬᠡᠢ | ᠤᠷᠳᠤ 1384 ᠺᠢᠯᠤᠮᠧᠲᠷ ᠲᠤ ᠬᠦᠷᠴᠦ᠂ ᠰᠢᠯᠢ ᠶᠢᠨ ᠬᠤᠲᠠ ᠠᠴᠠ ᠴᠢᠭᠤᠯᠤᠯᠳᠤ ᠬᠠᠭᠠᠯᠭ᠎ᠠ ᠬᠦᠷᠬᠦ | ᠲᠦᠷᠭᠡᠨ ᠤ ᠵᠠᠮ᠂ 222 ᠱᠤᠭᠤᠮ ᠤᠨ ᠪᠤᠤᠴᠠᠩ ᠠᠴᠠ ᠬᠦᠶᠤᠸᠠᠨ ᠬᠦᠷᠬᠦ ᠵᠠᠰᠠᠮᠠᠯ ᠵᠠᠮ ᠪᠠᠶᠢᠭᠤᠯᠤᠭᠳᠠᠨ ᠲᠡᠷᠭᠡ | ᠨᠡᠪᠳᠡᠷᠡᠵᠦ᠂ 608 ᠺᠢᠯᠦᠮᠧᠲᠷ ᠭᠠᠴᠠᠭ᠎ᠠ ᠲᠤᠰᠬᠤᠨ ᠳᠤ ᠨᠡᠪᠳᠡᠷᠡᠬᠦ ᠵᠠᠰᠠᠮᠠᠯ ᠵᠠᠮ ᠢ ᠪᠠᠶᠢᠭᠤᠯᠵᠤ᠂ ᠭᠠᠴᠠᠭ᠎ᠠ | ᠲᠤᠰᠬᠤᠨ ᠳᠤ ᠵᠠᠰᠠᠮᠠᠯ ᠵᠠᠮ ᠨᠡᠪᠳᠡᠷᠡᠬᠦ ᠨᠤᠷᠮ᠎ᠠ 100 % ᠳᠤ ᠬᠦᠷᠴᠠᠢ᠃ |